ᠮᠠᠨ ᠤ ᠣᠷᠣᠨ ᠤ ︽ᠬᠤᠣᠰ ᠲᠡᠷᠢᠭᠦᠨ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/8/29
    ᠮᠠᠨ ᠤ ᠣᠷᠣᠨ ᠤ ︽ᠬᠤᠣᠰ ᠲᠡᠷᠢᠭᠦᠨ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠪᠠ᠃ ᠨᠢᠭᠡ ᠳᠤ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠪᠠᠨ ᠡᠳᠦᠷ ᠢᠷᠡᠬᠦᠶ᠎ᠡ ᠰᠢᠯᠢᠳᠡᠭᠵᠢᠭᠦᠯᠪᠡ᠃ ᠣᠳᠣᠬᠠᠨ ᠪᠣᠯᠲᠠᠯ᠎ᠠ᠂ ᠪᠥᠬᠦ ᠣᠷᠣᠨ ᠳᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠴᠡᠭ 59 ᠪᠠᠶᠢᠵᠤ᠂ ᠳᠡᠭᠡᠷ᠎ᠡ ᠨᠢᠭᠡ ᠡᠭᠡᠯᠵᠢᠨ ᠤ ᠨᠡᠮᠡᠭᠳᠡᠯ ᠤᠨ ᠬᠡᠮᠵᠢᠶ᠎ᠡ ᠠᠴᠠ 25.5% ᠪᠠᠷ ᠨᠡᠮᠡᠭᠳᠡᠪᠡ︔ 6 ᠲᠤᠰᠬᠠᠢ ᠮᠡᠷᠭᠡᠵᠢᠯ ᠳᠤ ᠬᠤᠯᠪᠣᠭᠳᠠᠬᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠴᠡᠭ ᠰᠢᠨ᠎ᠡ ᠪᠠᠷ ᠨᠡᠮᠡᠭᠳᠡᠵᠦ᠂ ︽ᠬᠤᠭᠤᠰᠤᠨ︾ ᠪᠠᠶᠢᠭᠰᠠᠨ ᠲᠡᠦᠬᠡ ᠶᠢ ᠡᠴᠦᠰᠯᠡᠭᠦᠯᠪᠡ᠃ ᠪᠠᠶᠢᠭᠠᠯᠢ ᠶᠢᠨ ᠰᠢᠨᠵᠢᠯᠡᠬᠦ ᠤᠬᠠᠭᠠᠨ᠂ ᠠᠵᠤ ᠦᠢᠯᠡᠳᠪᠦᠷᠢ ᠶᠢᠨ ᠤᠬᠠᠭᠠᠨ᠂ ᠲᠠᠷᠢᠶᠠᠯᠠᠩ ᠤᠨ ᠤᠬᠠᠭᠠᠨ᠂ ᠠᠨᠠᠭᠠᠬᠤ ᠤᠬᠠᠭᠠᠨ ᠤ ᠲᠥᠷᠥᠯ ᠵᠡᠷᠭᠡ ᠶᠢ ᠪᠠᠭᠲᠠᠭᠠᠭᠰᠠᠨ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ 40 ᠪᠠᠶᠢᠵᠤ᠂ ᠪᠥᠬᠦ ᠣᠷᠣᠨ ᠤ ᠳ᠋ᠣᠺᠲ᠋ᠣᠷ ᠤᠨ ᠡᠷᠳᠡᠮ ᠤᠨ ᠴᠣᠯᠠ ᠣᠯᠭᠤᠬᠤ ᠡᠷᠳᠡᠮ ᠰᠢᠨᠵᠢᠯᠡᠭᠡᠨ ᠤ ᠮᠡᠷᠭᠡᠵᠢᠯ ︵50︶ ᠤᠨ 80% ᠬᠤᠪᠢ ᠶᠢᠨ ᠬᠠᠷᠢᠴᠠᠯ ᠢ ᠡᠵᠡᠯᠡᠨ᠎ᠡ᠂ ᠡᠷᠳᠡᠮ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ   ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ   ᠯᠦᠭᠡ ᠶᠢᠨ ᠵᠣᠬᠢᠴᠠᠯᠳᠤᠬᠤ ᠬᠡᠮᠵᠢᠶ᠎ᠡ   ᠨᠢ ᠤᠯᠠᠮ ᠨᠢᠭᠡ ᠠᠯᠬᠤᠮ ᠳᠡᠭᠡᠭᠰᠢᠯᠡᠪᠡ᠃ ᠬᠤᠶᠠᠷ ᠲᠤ ᠴᠢᠳᠠᠪᠤᠷᠢᠲᠠᠨ ᠢ ᠬᠥᠮᠥᠵᠢᠭᠦᠯᠬᠦ ᠴᠢᠳᠠᠪᠤᠷᠢ ᠪᠠᠨ ᠢᠯᠡᠳᠲᠡ ᠳᠡᠭᠡᠭᠰᠢᠯᠡᠭᠦᠯᠪᠡ᠃ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ᠤᠨ ᠪᠦᠬᠦᠯᠢ ᠡᠳᠦᠷ ᠤᠨ ᠳᠦᠷᠢᠮᠲᠦ ᠰᠤᠳᠤᠯᠤᠨ ᠰᠤᠷᠤᠭᠴᠢ 3.47 ᠲᠦᠮᠡ ᠳᠤ ᠬᠦᠷᠴᠦ᠂ 2016 ᠣᠨ ᠤ ᠬᠢ ᠠᠴᠠ 87.6% ᠪᠠᠷ ᠨᠡᠮᠡᠭᠳᠡᠪᠡ︔ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠭᠤᠷᠢᠯᠠᠬᠤ ᠠᠰᠫᠢᠷᠠᠨᠲ ᠤᠨ ᠲᠤᠭ᠎ᠠ 2.4 ᠲᠦᠮᠡᠨ ᠬᠥᠮᠥᠨ ᠪᠠᠶᠢᠵᠤ᠂ ᠰᠤᠷᠤᠯᠴᠠᠵᠤ ᠪᠠᠶᠢᠭ᠎ᠠ ᠠᠰᠫᠢᠷᠠᠨᠲ ᠤᠨ ᠡᠵᠡᠯᠡᠬᠦ ᠬᠠᠷᠢᠴᠠᠯ ᠤᠨ 59.8% ᠳᠤ ᠬᠦᠷᠴᠦ᠂ 2016 ᠣᠨ ᠤ ᠬᠢ ᠠᠴᠠ 15.2 ᠵᠠᠭᠤᠨ ᠤ ᠴᠡᠭ ᠢᠶᠠᠷ ᠳᠡᠭᠡᠭᠰᠢᠯᠡᠵᠦ᠂ ᠴᠢᠳᠠᠪᠤᠷᠢᠲᠠᠨ ᠬᠥᠮᠥᠵᠢᠭᠦᠯᠬᠦ ᠬᠡᠪᠴᠢᠶ᠎ᠡ ᠪᠠ ᠪᠦᠲᠦᠴᠡ ᠦᠷᠭᠦᠯᠵᠢᠯᠡᠨ ᠰᠢᠯᠢᠳᠡᠭᠵᠢᠪᠡ᠃ ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ   ᠬᠢ ᠰᠢᠨ᠎ᠡ ᠶᠢ ᠡᠭᠦᠳᠬᠦ ᠪᠠ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠪᠠᠨ ᠠᠯᠬᠤᠮ ᠠᠯᠬᠤᠮ ᠢᠶᠠᠷ ᠴᠢᠩᠭᠠᠷᠠᠭᠤᠯᠪᠠ᠃ 2021 ᠠᠴᠠ 2023 ᠣᠨ ᠪᠣᠯᠲᠠᠯ᠎ᠠ᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠨᠡᠶᠢᠲᠡ 1146 ᠰᠢᠨ᠎ᠡ ᠪᠠᠷ ᠨᠡᠮᠡᠭᠳᠡᠵᠦ᠂ 5.79 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠮᠥᠩᠭᠦ ᠶᠢᠨ ᠵᠥᠪᠰᠢᠶᠡᠷᠡᠯ ᠣᠯᠪᠠ︔ ᠮᠤᠵᠢ ᠶᠢᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠨᠡᠶᠢᠲᠡ 5121 ᠰᠢᠨ᠎ᠡ ᠪᠠᠷ ᠨᠡᠮᠡᠭᠳᠡᠵᠦ᠂ 10.56 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠮᠥᠩᠭᠦ ᠶᠢᠨ ᠵᠥᠪᠰᠢᠶᠡᠷᠡᠯ ᠣᠯᠵᠤ᠂ ᠲᠤᠰᠬᠠᠢ ᠠᠰᠢᠭ ᠢ ᠰᠢᠯᠵᠢᠭᠦᠯᠦᠨ ᠥᠭᠭᠦᠭᠰᠡᠨ ᠵᠢᠴᠢ ᠵᠥᠪᠰᠢᠶᠡᠷᠡᠭᠳᠡᠭᠰᠡᠨ ᠭᠡᠷ᠎ᠡ ᠶᠢᠨ ᠲᠤᠭ᠎ᠠ ᠨᠡᠶᠢᠲᠡ 80 ᠪᠠᠶᠢᠵᠤ᠂ ᠲᠤᠰᠬᠠᠢ ᠠᠰᠢᠭ ᠢᠶᠠᠨ ᠬᠤᠪᠢᠷᠠᠭᠤᠯᠤᠭᠠᠳ ᠨᠡᠶᠢᠲᠡ 1177 ᠲᠦᠮᠡᠨ ᠲᠥᠭᠦᠷᠢᠭ ᠬᠦᠷᠲᠡᠪᠡ᠃ ︵ᠰᠤᠷᠭᠠᠨ ᠬᠥᠮᠦᠵᠢᠯ ᠤᠨ ᠲᠢᠩᠬᠢᠮ︶
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号