ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾᠎ ᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/8/30
     ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾᠎ ᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠪᠠ᠃ ᠨᠢᠭᠡ ᠳᠤ ᠬᠥᠯᠥᠨ ᠪᠤᠶᠢᠷ ᠤᠨ ᠣᠶ ᠰᠢᠭᠤᠢ ᠶᠢᠨ ᠲᠦᠢᠮᠡᠷ ᠢ ᠰᠡᠷᠭᠡᠶᠢᠯᠡᠬᠦ ᠪᠠ ᠤᠨᠲᠠᠷᠠᠭᠠᠬᠤ ᠰᠣᠷᠢᠯᠲᠠ ᠶᠢᠨ ᠰᠠᠭᠤᠷᠢᠨ ᠤ ᠲᠥᠷᠥᠯ ᠵᠦᠢᠯ ᠢ ᠭᠤᠷᠪᠠᠨ ᠬᠤᠪᠢᠶᠠᠷᠢ ᠲᠥᠷᠥᠯ ᠵᠦᠢᠯ ᠪᠣᠯᠭᠠᠨ ᠠᠩᠭᠢᠯᠠᠵᠤ ᠬᠡᠷᠡᠭᠵᠢᠭᠦᠯᠵᠦ ᠪᠠᠶᠢᠨ᠎ᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠶᠡᠭᠡ ᠬᠢᠩᠭᠠᠨ ᠳᠠᠪᠠᠭᠠᠨ ᠤ ᠪᠠᠷᠠᠭᠤᠨ ᠬᠤᠶᠢᠲᠤ ᠬᠡᠰᠡᠭ ᠲᠠᠬᠢ ᠣᠶ ᠰᠢᠭᠤᠢ ᠶᠢᠨ ᠲᠦᠢᠮᠡᠷ ᠢ ᠰᠡᠷᠭᠡᠶᠢᠯᠡᠬᠦ ᠪᠠ ᠤᠨᠲᠠᠷᠠᠭᠠᠬᠤ ᠲᠤᠰᠬᠠᠢ ᠡᠩᠨᠡᠭᠡ ᠶᠢᠨ ᠬᠢᠨ ᠤ ᠰᠣᠷᠢᠯᠲᠠ ᠶᠢᠨ ᠭᠠᠵᠠᠷ ᠲᠤ ᠪᠠᠭᠤᠳᠠᠯᠯᠠᠵᠤ ᠰᠣᠷᠢᠬᠤ ᠳᠤ ᠬᠡᠷᠡᠭᠰᠡᠬᠦ ᠰᠠᠭᠤᠷᠢ ᠪᠡᠯᠡᠳᠬᠡᠮᠵᠢ ᠵᠢᠴᠢ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ᠂ ᠬᠥᠯᠥᠨ ᠪᠤᠶᠢᠷ ᠬᠤᠲᠠ ᠶᠢᠨ ᠠᠭᠠᠷ ᠠᠶᠠᠯᠠᠯ ᠢᠶᠠᠷ ᠣᠶ ᠰᠢᠭᠤᠢ ᠶᠢ ᠬᠠᠮᠠᠭᠠᠯᠠᠬᠤ ᠥᠷᠲᠡᠭᠡᠨ ᠤ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠤᠨ ᠰᠡᠳᠦᠪ ᠢ ᠨᠢᠭᠡᠨᠲᠡ ᠲᠣᠭᠲᠠᠭᠠᠭᠰᠠᠨ ᠪᠥᠭᠡᠳ ᠨᠡᠶᠢᠲᠡ 7900 ᠲᠦᠮᠡᠨ ᠲᠥᠭᠦᠷᠢᠭ ᠤᠨ ᠪᠡᠯᠡ ᠣᠷᠣᠭᠤᠯᠪᠠ᠂ ᠣᠲᠣ ᠶᠠᠭ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠵᠦ᠂ ᠡᠨᠡ ᠵᠢᠯ ᠳᠤ ᠪᠠᠨ ᠪᠠᠶᠢᠭᠤᠯᠬᠤ ᠪᠠᠷ ᠲᠥᠯᠥᠪᠯᠡᠵᠦ ᠪᠣᠶ᠃ ᠬᠤᠶᠠᠷ ᠲᠤ ᠤᠮᠠᠷᠠᠲᠤ ᠶᠢᠨ ᠠᠭᠠᠷ ᠠᠶᠠᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠤ ᠲᠥᠷᠥᠯ ᠵᠦᠢᠯ ᠤᠨ ᠠᠬᠢᠴᠠ ᠤᠷᠤᠭᠰᠢᠲᠠᠢ ᠶᠠᠪᠤᠭᠳᠠᠵᠤ ᠪᠠᠶᠢᠨ᠎ᠠ᠃ ᠬᠥᠯᠥᠨ ᠪᠤᠶᠢᠷ ᠬᠤᠲᠠ ᠶᠢᠨ ᠵᠠᠯᠠᠨ ᠠᠶᠢᠯ ᠤᠨ ᠠᠭᠠᠷ ᠠᠶᠠᠯᠠᠯ ᠤᠨ ᠥᠷᠲᠡᠭᠡᠨ ᠤ ᠲᠥᠷᠥᠯ ᠵᠦᠢᠯ ᠤᠨ ᠲᠠᠰ ᠳᠡᠪᠰᠢᠭᠦᠯᠦᠨ ᠥᠭᠡᠷᠡᠴᠢᠯᠡᠬᠦ ᠡᠭᠦᠷᠭᠡ ᠪᠠᠨ ᠨᠢᠭᠡᠨᠲᠡ ᠪᠡᠶᠡᠯᠡᠭᠦᠯᠪᠡ᠂ ᠬᠢᠩᠭᠠᠨ ᠠᠶᠢᠮᠠᠭ ᠤᠨ ᠦ᠋ ᠴᠠ ᠭᠧᠦ ᠶᠢᠨ ᠠᠭᠠᠷ ᠠᠶᠠᠯᠠᠯ ᠤᠨ ᠥᠷᠲᠡᠭᠡ᠂ ᠬᠥᠯᠥᠨ ᠪᠤᠶᠢᠷ ᠬᠤᠲᠠ ᠶᠢᠨ ᠬᠠᠶᠢᠯᠠᠷ ᠤᠨ ᠠᠭᠠᠷ ᠠᠶᠠᠯᠠᠯ ᠤᠨ ᠥᠷᠲᠡᠭᠡ ᠵᠡᠷᠭᠡ 6 ᠲᠥᠷᠥᠯ ᠵᠦᠢᠯ ᠢᠶᠠᠨ ᠶᠠᠭ ᠪᠠᠶᠢᠭᠤᠯᠵᠤ ᠪᠠᠶᠢᠨ᠎ᠠ᠂ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠪᠢᠯᠠᠷ ᠭᠤᠣᠯ ᠤᠨ ᠠᠭᠠᠷ ᠠᠶᠠᠯᠠᠯ ᠤᠨ ᠥᠷᠲᠡᠭᠡ ᠶᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢᠶᠠᠨ ᠶᠠᠭ ᠭᠤᠶᠤᠴᠢᠯᠠᠨ ᠮᠡᠳᠡᠭᠦᠯᠵᠦ ᠪᠠᠶᠢᠨ᠎ᠠ᠃ ᠭᠤᠷᠪᠠ ᠳᠤ ᠥᠪᠥᠷ ᠮᠣᠩᠭᠤᠯ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠶᠡᠷᠦᠩᠬᠡᠢ ᠲᠥᠪ ︵ᠬᠥᠬᠡᠬᠤᠲᠠ︶᠎ ᠤᠨ ᠬᠥᠮᠥᠷᠭᠡ ᠪᠠ ᠤᠯᠠᠭᠠᠨᠬᠠᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠶᠡᠷᠦᠩᠬᠡᠢ ᠬᠥᠮᠥᠷᠭᠡ ᠪᠠᠶᠢᠭᠤᠯᠬᠤ ᠲᠥᠷᠥᠯ ᠵᠦᠢᠯ ᠳᠤ ᠴᠣᠬᠤᠯᠠᠪᠤᠷᠢ ᠣᠯᠵᠤ᠂ ᠬᠥᠯᠥᠨ ᠪᠤᠶᠢᠷ ᠪᠠ ᠦᠬᠠᠢ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠶᠡᠷᠦᠩᠬᠡᠢ ᠬᠥᠮᠥᠷᠭᠡ ᠪᠠᠶᠢᠭᠤᠯᠬᠤ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠲᠤ ᠬᠢᠨᠠᠨ ᠵᠥᠪᠰᠢᠶᠡᠷᠡᠬᠦ ᠭᠠᠷᠳᠠᠮ ᠢᠶᠠᠨ ᠨᠢᠭᠡᠨᠲᠡ ᠭᠦᠢᠴᠡᠳᠬᠡᠭᠰᠡᠨ ᠮᠥᠷᠲᠡᠭᠡᠨ ᠲᠥᠷᠥᠯ ᠵᠦᠢᠯ ᠤᠨ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠪᠠᠨ ᠲᠤᠭᠤᠷᠪᠢᠭᠠᠳ ᠡᠬᠢᠨ ᠤ ᠬᠤᠭᠤᠴᠠᠭᠠᠨ ᠤ ᠭᠠᠷᠳᠠᠮ ᠢᠶᠠᠨ ᠦᠨᠳᠦᠰᠦᠨ ᠳᠤ ᠪᠠᠨ ᠪᠡᠶᠡᠯᠡᠭᠦᠯᠪᠡ᠃ ︵ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ︶
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号