ᠡᠪᠡᠰᠦ ᠤᠷᠭᠤᠮᠠᠯ᠂ ᠨᠤᠲᠤᠭ ᠪᠡᠯᠴᠢᠭᠡᠷ ᠲᠠᠢ ᠬᠤᠯᠪᠣᠭᠳᠠᠬᠤ ᠴᠡᠭᠡᠷ ᠶᠣᠰᠣᠨ
ᠨᠡᠶᠢᠲᠡᠯᠡᠭᠰᠡᠨ ᠴᠠᠭ᠄
2024/8/30
     △ ᠨᠤᠲᠤᠭ ᠪᠡᠯᠴᠢᠭᠡᠷ ᠢ ᠨᠦᠬᠡᠯᠡᠬᠦ᠂ ᠡᠪᠳᠡᠬᠦ ᠶᠢ ᠴᠡᠭᠡᠷᠯᠡᠨ᠎ᠡ᠃ ᠮᠣᠷᠢ ᠠᠷᠭᠠᠮᠵᠢᠬᠤ᠂ ᠵᠡᠯ᠎ᠡ ᠲᠠᠲᠠᠬᠤ ᠮᠡᠲᠦ ᠶᠢᠨ ᠠᠵᠢᠯ ᠦᠢᠯᠡ ᠶᠢᠨ ᠬᠡᠷᠡᠭᠴᠡᠭᠡ ᠪᠠᠷ ᠭᠠᠵᠠᠷ ᠳᠡᠭᠡᠷ᠎ᠡ ᠭᠠᠳᠠᠰᠤ ᠰᠢᠭᠠᠵᠤ ᠪᠣᠯᠳᠠᠭ ᠪᠣᠯᠪᠠᠴᠤ ᠬᠡᠷᠡᠭᠯᠡᠵᠦ ᠳᠠᠭᠤᠰᠪᠠᠯ ᠨᠦᠬᠡ ᠶᠢ ᠨᠢ ᠵᠠᠪᠠᠯ ᠪᠥᠭᠯᠡᠵᠦ ᠲᠠᠯᠪᠢᠨ᠎ᠠ᠃           △ ᠮᠠᠯ ᠤᠨ ᠪᠡᠯᠴᠢᠭᠡᠷ ᠲᠤ ᠮᠠᠯ ᠤᠨ ᠦᠬᠦᠳᠡᠯ ᠪᠤᠶᠤ ᠬᠥᠮᠥᠨ ᠤ ᠬᠡᠭᠦᠷ ᠢ ᠳᠤᠷ᠎ᠠ ᠪᠠᠷ ᠬᠠᠶᠠᠬᠤ ᠶᠢ ᠴᠡᠭᠡᠷᠯᠡᠨ᠎ᠡ᠃ ᠪᠡᠯᠴᠢᠭᠡᠷ ᠤᠰᠤᠨ ᠤ ᠳᠡᠷᠭᠡᠳᠡ ᠡᠯᠳᠡᠪ ᠮᠠᠭᠤᠬᠠᠢ ᠤᠷᠠᠩᠬᠠᠢ ᠪᠠ ᠭᠬᠢᠷ ᠴᠢᠰᠤ ᠲᠠᠢ ᠬᠤᠪᠴᠠᠰᠤ ᠬᠤᠨᠠᠷ ᠬᠠᠶᠠᠬᠤ ᠶᠢ ᠴᠡᠭᠡᠷᠯᠡᠨ᠎ᠡ᠃ ᠨᠤᠲᠤᠭ ᠪᠡᠯᠴᠢᠭᠡᠷ ᠢ ᠪᠤᠵᠠᠷᠯᠠᠨ᠎ᠠ ᠭᠡᠳᠡᠭ᠃           △ ᠡᠪᠡᠰᠦ ᠨᠣᠭᠤᠭ᠎ᠠ ᠲᠠᠰᠤᠯᠬᠤ ᠶᠢ ᠴᠡᠭᠡᠷᠯᠡᠨ᠎ᠡ᠃ ᠣᠬᠤᠷ ᠨᠠᠰᠤᠯᠠᠨ᠎ᠠ ᠭᠡᠳᠡᠭ᠃           △ ᠭᠠᠯ ᠠᠯᠳᠠᠵᠤ ᠪᠡᠯᠴᠢᠭᠡᠷ ᠲᠦᠢᠮᠡᠷᠳᠡᠬᠦ ᠶᠢ ᠡᠷᠡᠰ ᠴᠡᠭᠡᠷᠯᠡᠨ᠎ᠡ᠃           △ ᠡᠪᠡᠰᠦ ᠨᠣᠭᠤᠭ᠎ᠠ᠂ ᠴᠡᠴᠡᠭ ᠬᠤᠸᠠᠷ ᠢ ᠰᠠᠨᠠᠭᠠᠨ ᠤ ᠲᠠᠪᠠ ᠪᠠᠷ ᠥᠭᠲᠡᠭᠡᠨ ᠵᠤᠯᠭᠠᠭᠠᠬᠤ᠂ ᠬᠠᠭᠤᠷᠠᠢ ᠬᠠᠭᠳᠠ ᠶᠢ ᠬᠠᠮᠤᠨ ᠠᠪᠬᠤ᠂ ᠲᠦᠯᠡᠰᠢ ᠰᠢᠲᠠᠭᠠᠯᠭ᠎ᠠ ᠬᠢᠬᠦ ᠵᠡᠷᠭᠡ ᠶᠢ ᠴᠡᠭᠡᠷᠯᠡᠳᠡᠭ᠃           △ ᠠᠷᠴᠠ ᠽᠠᠨᠳᠠᠨ ᠢ ᠪᠤᠵᠠᠷᠯᠠᠬᠤ ᠶᠢ ᠴᠢᠩᠭ᠎ᠠ ᠴᠡᠭᠡᠷᠯᠡᠳᠡᠭ᠃ ᠠᠷᠴᠠ ᠽᠠᠨᠳᠠᠨ ᠢ ᠪᠤᠵᠠᠷ ᠮᠠᠭᠤᠬᠠᠢ ᠶᠢ ᠠᠷᠢᠭᠤᠯᠠᠬᠤ᠂ ᠴᠢᠳᠬᠦᠷ ᠰᠢᠮᠨᠤᠰ ᠢ ᠳᠠᠷᠤᠬᠤ ᠷᠢᠳᠢ ᠰᠢᠳᠢ ᠲᠠᠢ ᠠᠷᠢᠭᠤᠨ ᠤᠷᠭᠤᠮᠠᠯ ᠭᠡᠵᠦ ᠠᠯᠢᠪᠠ ᠶᠠᠭᠤᠮᠠᠰ ᠶᠢ ᠠᠷᠢᠭᠤᠳᠬᠠᠬᠤ ᠳᠤ ᠬᠡᠷᠡᠭᠯᠡᠳᠡᠭ ᠤᠨ ᠤᠴᠢᠷ ᠪᠢᠯᠡ᠃            △ ᠨᠢᠯᠬ᠎ᠠ ᠨᠣᠭᠤᠭ᠎ᠠ᠂ ᠴᠡᠴᠡᠭ ᠨᠠᠪᠴᠢ ᠶᠢ ᠵᠤᠯᠭᠠᠭᠠᠬᠤ ᠶᠢ ᠴᠡᠭᠡᠷᠯᠡᠳᠡᠭ᠃
 
ᠢᠷᠡᠯᠲᠡ᠄ ᠬᠥᠯᠥᠨ ᠪᠤᠶᠢᠷ ᠬᠤᠲᠠ ᠶᠢᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号