ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ ᠦᠵᠡᠭᠦᠯᠵᠦ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠤᠨ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠣᠰᠠᠳᠠ᠂ ᠣᠶᠢᠷ᠎ᠠ ᠳᠤ᠂ ᠪᠠᠷᠠᠭᠤᠨ ᠦᠵᠦᠮᠦᠴᠢᠨ | ᠬᠤᠰᠢᠭᠤ 2023 ᠣᠨ ᠤ ᠴᠡᠷᠢᠭ ᠠᠴᠠ ᠬᠠᠯᠠᠭᠳᠠᠭᠰᠠᠳ ᠲᠤ ᠣᠷᠣᠨ ᠨᠤᠲᠤᠭ ᠤᠨ ᠠᠵᠤ ᠠᠬᠤᠢ ᠶᠢᠨ ᠨᠥᠬᠦᠪᠦᠷᠢ | ᠮᠥᠩᠭᠦ ᠣᠯᠭᠤᠬᠤ ᠠᠵᠢᠯ ᠢ ᠠᠮᠵᠢᠯᠲᠠᠲᠠᠢ ᠪᠡᠶᠡᠯᠡᠭᠦᠯᠵᠦ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠲᠤ ᠨᠠᠮ | ᠵᠠᠰᠠᠭ ᠤᠨ ᠬᠠᠶᠢᠷ᠎ᠠ ᠬᠠᠯᠠᠮᠵᠢᠯᠠᠯ ᠢ ᠬᠥᠷᠲᠡᠭᠡᠵᠦ᠂ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷᠲᠤ ᠰᠡᠳᠬᠢᠯᠭᠡ᠂ | ᠣᠮᠣᠭᠰᠢᠯᠲᠤ ᠰᠡᠳᠬᠢᠯᠭᠡ ᠪᠠ ᠬᠦᠷᠲᠡᠮᠵᠢ ᠶᠢᠨ ᠰᠡᠳᠬᠢᠯᠭᠡ ᠶᠢ ᠨᠡᠮᠡᠭᠳᠡᠭᠦᠯᠦᠭᠰᠡᠨ ᠪᠠᠶᠢᠨ᠎ᠠ᠃ | ᠲᠣᠰ ᠣᠳᠠᠭ᠎ᠠ 2023 ᠣᠨ ᠳᠤ ᠴᠡᠷᠢᠭ ᠤᠨ ᠠᠯᠪᠠᠨ ᠠᠴᠠ ᠬᠠᠯᠠᠭᠳᠠᠭᠰᠠᠨ 29 ᠪᠠᠶᠢᠯᠳᠤᠭᠴᠢ ᠳᠤ ᠨᠡᠶᠢᠲᠡ 303. | 96 ᠲᠦᠮᠡᠨ ᠲᠥᠭᠦᠷᠢᠭ ᠤᠨ ᠣᠷᠣᠨ ᠨᠤᠲᠤᠭ ᠤᠨ ᠠᠵᠤ ᠠᠬᠤᠢ ᠶᠢᠨ ᠨᠥᠬᠦᠪᠦᠷᠢ ᠮᠥᠩᠭᠦ ᠤᠯᠭᠤᠵᠠᠢ᠃ ᠣᠷᠣᠨ | ᠨᠤᠲᠤᠭ ᠤᠨ ᠨᠥᠬᠦᠪᠦᠷᠢ ᠮᠥᠩᠭᠦ ᠣᠯᠭᠤᠬᠤ ᠠᠴᠠ ᠭᠠᠳᠠᠨ᠎ᠠ ᠪᠠᠰᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠲᠤᠷᠠᠨ | ᠤᠷ᠎ᠠ ᠴᠢᠳᠠᠪᠤᠷᠢ ᠶᠢᠨ ᠪᠣᠯᠪᠠᠰᠣᠷᠠᠯ᠂ ᠲᠤᠰᠬᠠᠢ ᠠᠵᠢᠯᠲᠠᠨ ᠡᠯᠰᠡᠬᠦ ᠴᠤᠭᠯᠠᠭᠠᠨ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ | ᠪᠠᠷ ᠳᠠᠮᠵᠢᠭᠤᠯᠤᠨ᠂ ᠴᠡᠷᠢᠭ ᠠᠴᠠ ᠬᠠᠯᠠᠭᠳᠠᠭᠰᠠᠨ ᠵᠠᠯᠠᠭᠤᠴᠤᠳ ᠤᠨ ᠪᠡᠶ᠎ᠡ ᠪᠠᠨ ᠳᠠᠭᠠᠭᠠᠵᠤ ᠠᠵᠢᠯ ᠣᠯᠬᠤ ᠶᠢ ᠳᠡᠳᠭᠦᠨ | ᠵᠢᠯᠤᠭᠤᠳᠴᠤ᠂ ᠬᠤᠪᠢ ᠶᠢᠨ ᠡᠵᠡᠩᠨᠡᠯᠲᠡ ᠡᠷᠭᠢᠯᠡᠵᠦ ᠪᠠᠶᠢᠭ᠎ᠠ ᠴᠡᠷᠢᠭ ᠠᠴᠠ ᠬᠠᠯᠠᠭᠳᠠᠭᠰᠠᠳ ᠲᠤ ᠤᠯᠤᠰ ᠤᠨ ᠲᠣᠭᠲᠠᠭᠠᠯ | ᠶᠣᠰᠣᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠵᠡᠷᠭᠡ ᠬᠠᠷᠠᠭᠠᠯᠵᠠᠯ ᠦᠵᠡᠭᠦᠯᠵᠦ᠂ ᠴᠡᠷᠢᠭ ᠠᠴᠠ ᠬᠠᠯᠠᠭᠳᠠᠭᠰᠠᠨ | ᠵᠠᠯᠠᠭᠤᠴᠤᠳ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠢᠯᠭᠠᠭᠤᠯᠤᠨ ᠰᠣᠷᠣᠯᠴᠠᠬᠤ᠂ ᠨᠠᠰᠤᠨ ᠳᠤ | ᠭᠦᠷᠦᠭᠰᠡᠳ ᠤᠨ ᠳᠡᠭᠡᠳᠦ ᠵᠡᠷᠭᠡ ᠶᠢᠨ ᠰᠤᠷᠭᠠᠭᠤᠯᠢ ᠪᠤᠶᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠨᠡᠷ᠎ᠡ | ᠮᠡᠳᠡᠭᠦᠯᠬᠦ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠠᠭᠠᠯᠵᠠᠯ ᠬᠥᠷᠳᠡᠬᠡᠭᠰᠡᠨ ᠪᠠᠶᠢᠨ᠎ᠠ᠃ | 2023 ᠣᠨ ᠤ 12 ᠰᠠᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ ᠤᠨ ᠰᠠᠯᠠᠭ᠎ᠠ ᠮᠥᠴᠢᠷ ᠤᠯᠠᠭᠠᠨᠬᠠᠳᠠ ᠬᠤᠲᠠ ᠶᠢᠨ ᠵᠥᠩ ᠬᠤᠸ ᠵᠢᠯᠣᠭᠤᠴᠢ ᠶᠢᠨ ᠰᠤᠷᠭᠠᠭᠤᠯᠢ ᠲᠠᠢ ᠬᠠᠮᠲᠤᠷᠠᠨ | ᠴᠡᠷᠢᠭ ᠠᠴᠠ ᠬᠠᠯᠠᠭᠳᠠᠭᠰᠠᠳ ᠤᠨ B2 ᠵᠢᠯᠣᠭᠤᠴᠢ ᠶᠢᠨ ᠦᠨᠡᠮᠯᠡᠯ ᠰᠢᠯᠭᠠᠬᠤ ᠤᠷ᠎ᠠ ᠴᠢᠳᠠᠪᠤᠷᠢ ᠶᠢᠨ ᠪᠤᠯᠪᠠᠰᠣᠷᠠᠯ | ᠥᠷᠨᠢᠭᠦᠯᠵᠦ᠂ 15 ᠨᠡᠷ᠎ᠡ ᠴᠡᠷᠢᠭ ᠠᠴᠠ ᠬᠠᠯᠠᠭᠳᠠᠭᠰᠠᠳ ᠢ 12 ᠰᠠᠷ᠎ᠠ ᠶᠢᠨ ᠬᠤᠭᠤᠴᠠᠭ᠎ᠠ ᠲᠠᠢ ᠤᠷ᠎ᠠ ᠴᠢᠳᠠᠪᠤᠷᠢ ᠶᠢᠨ | ᠪᠤᠯᠪᠠᠰᠠᠣᠷᠠᠯ ᠳᠤ ᠣᠷᠣᠯᠴᠠᠭᠤᠯᠵᠤ ᠂ ᠬᠠᠭᠠᠰ ᠵᠢᠯ ᠤᠨ ᠪᠣᠯᠪᠠᠰᠤᠷᠠᠯ ᠢᠶᠠᠷ ᠳᠠᠮᠵᠢᠨ 6 ᠨᠡᠷ᠎ᠡ ᠴᠡᠷᠢᠭ ᠠᠴᠠ | ᠬᠠᠯᠠᠭᠳᠠᠭᠰᠠᠳ ᠪᠥᠬᠦ ᠬᠢᠴᠢᠶᠡᠯ ᠲᠥᠷᠥᠯ ᠤᠨ ᠰᠢᠯᠭᠠᠯᠲᠠ ᠳᠤ ᠬᠢᠷᠢ ᠲᠡᠩᠴᠡᠭᠡᠳ ᠵᠢᠯᠣᠭᠤᠴᠢ ᠶᠢᠨ ᠦᠨᠡᠮᠯᠡᠯ ᠣᠯᠵᠤ᠂ | ᠦᠯᠡᠳᠡᠭᠰᠡᠨ 9 ᠬᠦᠮᠦᠨ ᠨᠢ ᠠᠳᠠᠯᠢ ᠪᠤᠰᠤ ᠬᠡᠮᠵᠢᠶ᠎ᠡ ᠪᠠᠷ ᠬᠢᠴᠢᠶᠡᠯ ᠲᠥᠷᠥᠯ ᠤᠨ ᠨᠢᠭᠡᠳᠦᠭᠡᠷ᠂ ᠬᠤᠶᠠᠳᠤᠭᠠᠷ᠂ | ᠭᠤᠷᠪᠠᠳᠤᠭᠠᠷ ᠲᠡᠰ ᠤᠨ ᠰᠢᠯᠭᠠᠯᠲᠠ ᠳᠤ ᠬᠢᠷᠢ ᠲᠡᠩᠴᠡᠵᠡᠢ᠃ ᠡᠶᠢᠮᠦᠷᠬᠦ ᠲᠤᠰᠬᠠᠢ ᠲᠥᠷᠥᠯ ᠤᠨ ᠤᠷ᠎ᠠ ᠴᠢᠳᠠᠪᠤᠷᠢ ᠶᠢᠨ | ᠪᠣᠯᠪᠠᠰᠣᠷᠠᠯ ᠢᠶᠠᠷ ᠳᠠᠮᠵᠢᠭᠤᠯᠤᠨ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠬᠤ᠂ ᠦᠢᠯᠡᠰ ᠴᠣᠭᠴᠠᠯᠠᠬᠤ | ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ ᠲᠤ ᠨᠠᠮ ᠵᠠᠰᠠᠭ ᠤᠨ ᠬᠠᠶᠢᠷ᠎ᠠ ᠬᠠᠯᠠᠮᠵᠢᠯᠠᠯ ᠢ | ᠭᠦᠨᠵᠡᠭᠡᠢ ᠬᠥᠷᠲᠡᠭᠡᠭᠰᠡᠨ ᠪᠠᠶᠢᠨ᠎ᠠ ᠃ | ᠬᠠᠯᠠᠭᠳᠠᠭᠰᠠᠨ ᠴᠡᠷᠢᠭ ᠯᠢᠦ ᠵᠢᠶᠠᠨ ᠽᠧ ᠄ ︽ ᠪᠢ ᠳᠡᠭᠡᠷ᠎ᠡ ᠵᠢᠯ ᠤᠨ 12 ᠰᠠᠷ᠎ᠠ ᠳᠤ ᠮᠠᠨ ᠤ ᠬᠤᠰᠢᠭᠤᠨ ᠤ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠡᠷᠬᠢᠯᠡᠭᠰᠡᠨ ᠵᠢᠯᠣᠭᠤᠴᠢ ᠶᠢᠨ ᠦᠨᠡᠮᠯᠡᠯ | ᠰᠢᠯᠭᠠᠭᠤᠯᠬᠤ ᠪᠤᠯᠪᠠᠰᠣᠷᠠᠯ ᠳᠤ ᠤᠷᠣᠯᠴᠠᠵᠠᠢ᠃ ᠡᠨᠡ ᠵᠢᠯ ᠤᠨ 9 ᠰᠠᠷ᠎ᠠ ᠳᠤ ᠵᠢᠯᠣᠭᠤᠴᠢ ᠶᠢᠨ ᠦᠨᠡᠮᠯᠡᠯ ᠢᠶᠠᠨ | ᠣᠯᠴᠢᠬᠠᠨ᠎ᠠ᠃ ᠡᠨᠡ ᠵᠢᠯ ᠤᠨ 7 ᠰᠠᠷ᠎ᠠ ᠳᠤ ᠪᠠᠰᠠ ᠴᠡᠷᠢᠭ ᠠᠴᠠ ᠬᠠᠯᠠᠭᠳᠠᠭᠰᠠᠳ ᠤᠨ ᠣᠷᠣᠨ ᠨᠤᠲᠤᠭ ᠤᠨ ᠠᠵᠤ | ᠠᠬᠤᠢ ᠶᠢᠨ ᠨᠥᠬᠦᠪᠦᠷᠢ ᠮᠥᠩᠭᠦ ᠶᠢ ᠤᠯᠵᠠᠢ᠃ ᠣᠷᠣᠨ ᠨᠣᠲᠤᠭ ᠠᠴᠠ ᠮᠠᠨ ᠤ ᠴᠡᠷᠢᠭ ᠠᠴᠠ ᠬᠠᠯᠠᠭᠳᠠᠭᠰᠠᠳ ᠲᠤ ᠲᠤᠩ | ᠰᠠᠶᠢᠨ ᠦᠢᠯᠡᠴᠢᠯᠡᠵᠦ ᠪᠠᠶᠢᠨ᠎ᠠ᠃ ᠡᠭᠦᠨ ᠳᠤ ᠪᠢᠳᠡ ᠮᠠᠰᠢ ᠲᠠᠯᠠᠷᠬᠠᠵᠤ ᠪᠠᠶᠢᠨ᠎ᠠ ᠃︾ | | ᠪᠠᠷᠠᠭᠤᠨ ᠦᠵᠦᠮᠦᠴᠢᠨ ᠬᠤᠰᠢᠭᠤ ᠨᠢ ︽ᠴᠡᠷᠢᠭ᠂ ᠴᠡᠷᠢᠭ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠵᠤ᠂ ᠴᠡᠷᠢᠭ ᠢ ᠪᠥᠬᠦ ᠨᠡᠶᠢᠭᠡᠮ ᠢᠶᠠᠷ ᠢᠶᠠᠨ ᠬᠦᠨᠳᠦᠳᠬᠡᠬᠦ ᠠᠵᠢᠯ ᠤᠨ ᠪᠠᠶᠢᠷᠢ ᠪᠣᠯᠭᠠᠬᠤ︾ ᠦᠨᠳᠦᠰᠦᠨ | ᠵᠣᠷᠢᠯᠲᠠ ᠶᠢ ᠪᠠᠲᠤ ᠪᠠᠷᠢᠮᠲᠠᠯᠠᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠬᠠᠮᠢᠶᠠᠷᠤᠯᠲᠠ᠂ ᠬᠠᠪᠰᠤᠷᠤᠨ | ᠲᠡᠳᠬᠦᠵᠦ ᠬᠦᠴᠢᠷᠳᠡᠯ ᠢ ᠰᠢᠢᠳᠪᠦᠷᠢᠯᠡᠬᠦ᠂ ᠬᠠᠮᠢᠶᠠᠲᠠᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠡᠯ᠎ᠡ | ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠲᠤ ᠦᠨᠡᠨ ᠬᠦ | ᠦᠢᠯᠡᠴᠢᠯᠡᠬᠦ ᠶᠢᠨ ᠬᠠᠮᠲᠤ ᠴᠡᠷᠢᠭ ᠠᠴᠠ ᠬᠠᠯᠠᠭᠳᠠᠭᠰᠠᠳ ᠤᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠴᠡᠷᠢᠭ | ᠠᠩᠭᠢ ᠶᠢᠨ ᠳᠤᠮᠳᠠ ᠳᠠᠪᠲᠠᠭᠳᠠᠨ ᠪᠣᠯᠪᠠᠰᠤᠷᠠᠭᠰᠠᠨ ᠲᠥᠪ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠦᠷᠭᠦᠯᠵᠢᠯᠡᠨ ᠰᠤᠷᠤᠯᠴᠠᠵᠤ᠂ ᠮᠡᠷᠭᠡᠵᠢᠯ | ᠴᠢᠳᠠᠪᠤᠷᠢ ᠪᠠᠨ ᠪᠣᠯᠪᠠᠰᠤᠷᠠᠭᠤᠯᠵᠤ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ | ᠡᠷᠭᠦᠬᠦ ᠶᠢ ᠵᠣᠷᠢᠭᠵᠢᠭᠤᠯᠵᠠᠢ᠃ | |