ᠨᠢᠭᠡ ᠬᠠᠭᠤᠳᠠᠰᠤ ᠵᠢᠷᠤᠭ ᠠᠴᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ | ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ᠂ 4 ᠵᠦᠢᠯ ᠤᠨ ᠴᠢᠬᠤᠯᠠ ᠶᠡᠭᠡ ᠠᠵᠢᠯᠯᠠᠭ᠎ᠠ᠂ 19 ᠵᠦᠢᠯ ᠤᠨ | ᠭᠤᠣᠯᠳᠠᠯᠭ᠎ᠠ ᠲᠠᠢ ᠡᠭᠦᠷᠭᠡ ᠶᠢ ᠣᠶᠢᠯᠠᠭᠠᠬᠤᠢ︕ | ᠲᠥᠷᠥ ᠶᠢᠨ ᠶᠠᠪᠤᠳᠠᠯ ᠤᠨ ᠬᠤᠷᠢᠶ᠎ᠠ ︽ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ︾ | ᠶᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠶᠢ | ᠠᠬᠢᠭᠤᠯᠬᠤ ᠠᠵᠢᠯ ᠢ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ | ᠠᠷᠠᠳ ᠲᠦᠮᠡᠨ ᠤ ᠬᠤᠲᠠ ᠶᠢ ᠠᠷᠠᠳ ᠲᠦᠮᠡᠨ ᠥᠪᠡᠷᠲᠡᠭᠡᠨ ᠪᠠᠶᠢᠭᠤᠯᠬᠤ᠂ ᠠᠷᠠᠳ ᠲᠦᠮᠡᠨ ᠤ ᠬᠤᠲᠠ ᠨᠢ ᠠᠷᠠᠳ | ᠲᠦᠮᠡᠨ ᠳᠤ ᠪᠠᠨ ᠦᠢᠯᠡᠴᠢᠯᠡᠬᠦ ᠶᠢ ᠪᠠᠷᠢᠮᠲᠠᠯᠠᠨ᠎ᠠ᠃ ︽ᠠᠵᠢᠯᠯᠠᠭᠠᠨ ᠤ ᠲᠥᠯᠥᠪᠯᠡᠭᠡ︾ ᠳᠤ 4 ᠵᠦᠢᠯ ᠤᠨ ᠴᠢᠬᠤᠯᠠ ᠶᠡᠭᠡ | ᠠᠵᠢᠯᠯᠠᠭ᠎ᠠ᠂ 19 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ ᠭᠠᠷᠭᠠᠪᠠ᠃ | 1.ᠰᠢᠨ᠎ᠡ ᠨᠢᠭᠡ ᠡᠭᠡᠯᠵᠢ ᠶᠢᠨ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ | ᠠᠵᠢᠯᠯᠠᠭ᠎ᠠ ᠶᠢ ᠬᠡᠷᠡᠭᠵᠢᠭᠦᠯᠦᠨ᠎ᠡ | ᠬᠥᠭᠵᠢᠯᠲᠡ ᠶᠢᠨ ᠴᠢᠭᠯᠡᠯ | ᠭᠤᠣᠯᠳᠠᠯᠭ᠎ᠠ ᠲᠠᠢ ᠬᠥᠮᠥᠰ᠄ ᠬᠤᠲᠠ ᠳᠤ ᠣᠷᠣᠭᠰᠠᠨ ᠬᠦᠴᠦ ᠶᠠᠪᠤᠭᠰᠠᠳ ᠵᠢᠴᠢ ᠳᠠᠭᠠᠵᠤ ᠨᠡᠭᠦᠭᠰᠡᠨ ᠭᠡᠷ | ᠪᠦᠯᠢ ᠶᠢᠨ ᠬᠢᠨ ︵ᠬᠤᠲᠠ ᠶᠢᠨ ᠬᠤᠭᠤᠷᠣᠨᠳᠣᠬᠢ ᠨᠡᠭᠦᠳᠡᠯ ᠬᠥᠮᠥᠨ ᠠᠮᠠ ᠶᠢ ᠬᠠᠮᠲᠤ ᠳᠤ ᠨᠢ ᠬᠠᠷᠠᠭᠠᠯᠵᠠᠨ᠎ᠠ︶ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠳᠤ ᠲᠦᠷᠭᠡᠨ ᠠᠭᠤᠰᠤᠯᠴᠠᠭᠤᠯᠬᠤ ᠶᠢ ᠠᠬᠢᠭᠤᠯᠤᠨ᠎ᠠ᠄ | ︵1︶ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠎ᠡ | ︵2︶ ᠪᠠᠶᠢᠩᠭᠤ ᠰᠠᠭᠤᠭ᠎ᠠ ᠭᠠᠵᠠᠷ ᠤᠨ ᠡᠷᠦᠬᠡ ᠠᠮᠠ ᠶᠢᠨ ᠳᠠᠩᠰᠠᠯᠠᠯ ᠤᠨ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡ ᠬᠠᠩᠭᠠᠬᠤ ᠳᠦᠷᠢᠮ ᠢ ᠬᠡᠷᠡᠭᠵᠢᠭᠦᠯᠦᠨ᠎ᠡ | ︵3︶ ᠨᠥᠬᠦᠴᠡᠯ ᠳᠤ ᠨᠡᠶᠢᠴᠡᠬᠦᠶᠢᠴᠡ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠨᠡᠶᠢᠭᠡᠮ ᠤᠨ ᠳᠠᠭᠠᠳᠬᠠᠯ᠂ | ᠣᠷᠣᠨ ᠰᠠᠭᠤᠴᠠ ᠶᠢᠨ ᠪᠠᠲᠤᠯᠠᠭ᠎ᠠ᠂ ᠳᠠᠭᠠᠵᠤ ᠨᠡᠭᠦᠭᠰᠡᠨ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠵᠡᠷᠭᠡ ᠨᠢ | ᠨᠡᠭᠦᠵᠦ ᠣᠷᠣᠭᠰᠠᠨ ᠭᠠᠵᠠᠷ ᠤᠨ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠ ᠲᠠᠢ ᠬᠥᠮᠥᠨ ᠠᠮᠠ ᠲᠠᠢ ᠠᠳᠠᠯᠢ ᠲᠡᠭᠰᠢ | ᠡᠷᠬᠡ ᠲᠠᠢ ᠪᠠᠶᠢᠬᠤ ᠶᠢ ᠠᠬᠢᠭᠤᠯᠤᠨ᠎ᠠ | ︵4︶ ᠡᠷᠦᠬᠡ ᠠᠮᠠ ᠣᠷᠣᠭᠠᠳᠤᠢ ᠪᠠᠶᠢᠩᠭᠤ ᠰᠠᠭᠤᠭ᠎ᠠ ᠬᠥᠮᠥᠨ ᠠᠮᠠ ᠳᠤ ᠠᠯᠬᠤᠮ ᠠᠯᠬᠤᠮ ᠢᠶᠠᠷ ᠬᠤᠳᠠ | ᠪᠠᠯᠭᠠᠰᠤ ᠶᠢᠨ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠦᠨ᠎ᠡ | 6 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ | ︵2︶ ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ | ᠪᠦᠷᠢᠨᠰᠢᠭᠦᠯᠦᠨ᠎ᠡ | ︵3︶ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠬᠤᠲᠠ ᠪᠠᠯᠭᠠᠰᠤᠨ ᠳᠤ ᠲᠣᠭᠲᠠᠪᠤᠷᠢᠲᠠᠢ ᠠᠵᠢᠯ | ᠣᠯᠬᠤ ᠶᠢ ᠠᠬᠢᠭᠤᠯᠤᠨ᠎ᠠ | ︵4︶ ᠳᠠᠭᠠᠵᠤ ᠨᠡᠭᠦᠭᠰᠡᠨ ᠬᠡᠦᠬᠡᠳ ᠤᠨ ᠨᠡᠭᠦᠵᠦ ᠣᠷᠣᠭᠰᠠᠨ ᠭᠠᠵᠠᠷ ᠲᠤ ᠰᠤᠷᠭᠠᠨ ᠬᠥᠮᠦᠵᠢᠯ ᠬᠦᠷᠲᠡᠬᠦ ᠡᠷᠬᠡ ᠶᠢ | ᠪᠠᠲᠤᠯᠠᠨ᠎ᠠ | ︵5︶ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠣᠯᠠᠨ ᠡᠰᠢᠵᠢᠭᠰᠡᠨ ᠣᠷᠣᠨ ᠰᠠᠭᠤᠴᠠ ᠶᠢᠨ | ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ | ︵6︶ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ | ᠥᠷᠭᠡᠳᠬᠡᠨ᠎ᠡ | | 2.ᠳᠠᠯᠳᠠ ᠬᠦᠴᠦᠨ ᠲᠠᠢ ᠭᠠᠵᠠᠷ ᠣᠷᠣᠨ ᠤ ᠬᠤᠲᠠ ᠪᠠᠯᠭᠠᠰᠤᠵᠢᠯᠲᠠ ᠶᠢᠨ ᠲᠦᠪᠰᠢᠨ ᠢ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠦᠨ᠎ᠡ | ᠬᠥᠭᠵᠢᠯᠲᠡ ᠶᠢᠨ ᠴᠢᠭᠯᠡᠯ | ᠭᠤᠣᠯᠳᠠᠯᠭ᠎ᠠ ᠲᠠᠢ ᠬᠡᠰᠡᠭ᠄ ᠾᠧᠪᠧᠢ ᠶᠢᠨ ᠳᠤᠮᠳᠠ ᠡᠮᠦᠨ᠎ᠡ ᠬᠡᠰᠡᠭ᠂ ᠠᠨᠾᠦ᠋ᠢ ᠶᠢᠨ ᠬᠤᠶᠢᠨ᠎ᠠ ᠬᠡᠰᠡᠭ᠂ | ᠱᠠᠨᠳᠦ᠋ᠩ ᠤᠨ ᠪᠠᠷᠠᠭᠤᠨ ᠡᠮᠦᠨ᠎ᠡ ᠬᠡᠰᠡᠭ᠂ ᠾᠧᠨᠠᠨ ᠤ ᠵᠡᠭᠦᠨ ᠡᠮᠦᠨ᠎ᠡ ᠬᠡᠰᠡᠭ᠂ ᠬᠤᠨᠠᠨ ᠤ ᠪᠠᠷᠠᠭᠤᠨ ᠡᠮᠦᠨ᠎ᠡ ᠬᠡᠰᠡᠭ᠂ | ᠭᠤᠸᠠᠩᠳᠦ᠋ᠩ ᠤᠨ ᠪᠠᠷᠠᠭᠤᠨ ᠬᠡᠰᠡᠭ᠂ ᠰᠧᠴᠤᠸᠠᠨ ᠤ ᠵᠡᠭᠦᠨ ᠬᠡᠰᠡᠭ ᠵᠡᠷᠭᠡ ᠬᠤᠳᠠ ᠪᠠᠯᠭᠠᠰᠤᠵᠢᠯᠲᠠ ᠶᠢᠨ ᠲᠠᠯᠳᠠ ᠬᠦᠴᠦᠨ | ᠨᠡᠯᠢᠶᠡᠳ ᠶᠡᠭᠡ ᠲᠥᠪᠯᠡᠷᠡᠭᠰᠡᠨ ᠵᠠᠯᠭᠠᠯᠳᠤᠭᠰᠠᠨ ᠬᠡᠰᠡᠭ᠂ ᠬᠤᠳᠠ ᠪᠠᠯᠭᠠᠰᠤᠵᠢᠯᠲᠠ ᠶᠢᠨ ᠨᠤᠷᠮ᠎ᠠ ᠳᠣᠣᠷ᠎ᠠ ᠮᠥᠷᠲᠡᠭᠡᠨ | ᠬᠥᠮᠥᠨ ᠠᠮᠠ ᠶᠢᠨ ᠬᠡᠪᠴᠢᠶ᠎ᠡ ᠪᠠᠷ ᠶᠡᠭᠡ ᠪᠤᠰᠤᠳ ᠰᠢᠶᠠᠨ ︵ᠬᠤᠳᠠ᠂ ᠲᠣᠭᠤᠷᠢᠭ︶ ᠢ ᠬᠠᠮᠲᠤ ᠳᠤ ᠨᠢ ᠬᠠᠷᠠᠭᠠᠯᠵᠠᠨ᠎ᠠ | ᠴᠢᠭᠯᠡᠯ᠄ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠬᠤᠳᠠ ᠪᠠᠯᠭᠠᠰᠤᠵᠢᠯᠲᠠ ᠶᠢᠨ ᠲᠠᠯ᠎ᠠ ᠪᠠᠷ ᠵᠣᠬᠢᠴᠠᠭᠤᠯᠤᠨ | ᠠᠬᠢᠭᠤᠯᠤᠨ᠎ᠠ | ᠰᠢᠪᠲᠤᠯᠤᠯᠲᠠ ᠬᠢᠬᠦ ᠶᠢ ᠲᠦᠷᠭᠡᠳᠬᠡᠨ᠂ ᠠᠵᠤ ᠦᠢᠯᠡᠰ ᠤᠨ ᠱᠠᠲᠤᠯᠢᠭ ᠪᠠᠶᠢᠷᠢᠯᠠᠭᠤᠯᠤᠯᠲᠠ᠂ ᠬᠥᠮᠥᠨ ᠠᠮᠠ ᠶᠢᠨ | ᠣᠶᠢᠷ᠎ᠠ ᠬᠠᠪᠢ ᠳᠤ ᠪᠠᠨ ᠠᠵᠢᠯ ᠣᠯᠬᠤ᠂ ᠶᠡᠭᠡ ᠳᠤᠮᠳᠠ ᠪᠠᠭ᠎ᠠ ᠬᠤᠲᠠ ᠵᠣᠬᠢᠴᠠᠩᠭᠤᠢ ᠪᠠᠷ ᠬᠥᠭᠵᠢᠭᠰᠡᠨ ᠰᠠᠶᠢᠨ ᠲᠠᠯ᠎ᠠ ᠶᠢᠨ | ᠬᠥᠳᠡᠯᠦᠯᠴᠡᠬᠦ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃ | 4 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠤᠨ᠎ᠠ | ︵2︶ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠳᠡᠰ ᠳᠡᠪᠰᠢᠭᠦᠯᠦᠨ ᠴᠢᠳᠠᠮᠵᠢ ᠶᠢ ᠨᠢ ᠥᠷᠭᠡᠳᠬᠡᠬᠦ ᠶᠢ | ᠠᠬᠢᠭᠤᠯᠤᠨ᠎ᠠ | ︵3︶ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ | ︵4︶ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠨᠢ ᠴᠢᠩᠭᠠᠳᠬᠠᠨ᠎ᠠ | | 3.ᠣᠳᠣᠬᠢᠴᠢᠯᠠᠭᠰᠠᠨ ᠬᠤᠲᠠ ᠶᠢᠨ ᠲᠣᠭᠤᠷᠢᠭ ᠢ ᠪᠣᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ | ᠬᠥᠭᠵᠢᠯᠲᠡ ᠶᠢᠨ ᠴᠢᠭᠯᠡᠯ | ︵1︶ ᠬᠡᠲᠦ ᠶᠡᠭᠡ ᠣᠨᠴᠠ ᠶᠡᠭᠡ ᠬᠤᠲᠠ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠤᠨ᠎ᠠ | ︵2︶ ᠲᠥᠪ ᠬᠤᠲᠠ ᠳᠤ ᠲᠦᠰᠢᠭᠯᠡᠨ ᠡᠷᠭᠢᠨ ᠲᠣᠭᠤᠷᠢᠨ ᠤ ᠬᠤᠲᠠ ᠰᠢᠶᠠᠨ ᠢ ᠳᠠᠶᠢᠴᠢᠯᠠᠵᠤ ᠬᠠᠮᠲᠤ ᠪᠠᠷ | ᠬᠥᠭᠵᠢᠭᠦᠯᠦᠨ᠎ᠡ | ︵3︶ ᠨᠢᠭᠡ ᠪᠦᠯᠦᠭ ᠬᠤᠲᠠᠴᠢᠯᠠᠯᠲᠠ ᠶᠢᠨ ᠬᠡᠮᠵᠢᠶ᠎ᠡ ᠪᠠᠷ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ | ᠬᠤᠲᠠ ᠶᠢᠨ ᠲᠣᠭᠤᠷᠢᠭ ᠢ ᠪᠣᠶᠢᠵᠢᠭᠤᠯᠤᠨ᠎ᠠ | ︵4︶ ᠠᠵᠢᠯ ᠡᠭᠦᠷᠭᠡ ᠭᠦᠢᠴᠡᠳᠬᠡᠬᠦ ᠳᠤ ᠳᠥᠭᠦᠮ ᠳᠥᠲᠡ ᠥᠨᠳᠥᠷ ᠪᠦᠲᠦᠮᠵᠢᠲᠡᠶ᠂ ᠠᠵᠤ ᠦᠢᠯᠡᠰ ᠢ ᠱᠠᠲᠤ | ᠬᠤᠪᠢᠶᠠᠨ ᠢᠵᠢ ᠪᠦᠷᠢᠳᠦᠭᠦᠯᠬᠦ᠂ ᠠᠮᠢᠳᠤᠷᠠᠯ ᠳᠤ ᠲᠥᠬᠦᠮ ᠦᠵᠡᠭᠦᠯᠵᠦ ᠬᠠᠮᠲᠤ ᠪᠠᠷ ᠠᠰᠢᠭ ᠬᠦᠷᠲᠡᠬᠦ ᠶᠢ ᠠᠬᠢᠭᠤᠯᠤᠨ᠎ᠠ | ︵5︶ ᠶᠡᠭᠡ ᠳᠤᠮᠳᠠ ᠪᠠᠭ᠎ᠠ ᠬᠤᠲᠠ ᠶᠢ ᠪᠠᠭ᠎ᠠ ᠬᠤᠲᠠ ᠪᠠᠯᠭᠠᠰᠤ ᠲᠠᠢ ᠵᠣᠬᠢᠴᠠᠭᠤᠯᠤᠨ ᠬᠥᠭᠵᠢᠭᠦᠯᠬᠦ᠂ | ᠡᠷᠴᠢᠮᠵᠢᠭᠦᠯᠦᠭᠰᠡᠨ ᠠᠪᠴᠠᠯᠳᠤᠩᠭᠤᠢ ᠪᠠᠶᠢᠷᠢᠯᠠᠭᠤᠯᠤᠯᠲᠠ ᠶᠢ ᠪᠣᠢ ᠪᠣᠯᠭᠠᠬᠤ ᠶᠢ ᠬᠥᠲᠥᠯᠥᠨ ᠵᠢᠯᠣᠭᠤᠳᠤᠨ᠎ᠠ | 4 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠬᠤᠲᠠ ᠶᠢᠨ ᠬᠤᠭᠤᠷᠣᠨᠳᠣᠬᠢ ᠠᠵᠢᠯ ᠳᠤ ᠭᠠᠷᠬᠤ ᠠᠰᠢᠭᠯᠠᠮᠵᠢ ᠶᠢ ᠳᠡᠭᠡᠭᠰᠢᠯᠡᠭᠦᠯᠦᠨ᠎ᠡ | ︵2︶ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ | ︵3︶ ᠵᠠᠬ᠎ᠠ ᠳᠡᠯᠭᠡᠭᠦᠷ ᠤᠨ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ︵4︶ ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠠᠰᠢᠭ ᠬᠦᠷᠲᠡᠬᠦ ᠶᠢ | ᠠᠬᠢᠭᠤᠯᠤᠨ᠎ᠠ | | 4. ᠬᠤᠲᠠ ᠶᠢ ᠰᠢᠨᠡᠳᠬᠡᠬᠦ ᠪᠠ ᠬᠤᠲᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠦᠨ᠎ᠡ | ᠬᠥᠭᠵᠢᠯᠲᠡ ᠶᠢᠨ ᠴᠢᠭᠯᠡᠯ | ᠭᠤᠣᠯᠳᠠᠯᠭ᠎ᠠ᠄ ᠬᠥᠮᠥᠨ ᠠᠮᠠ ᠶᠢᠨ ᠬᠡᠪᠴᠢᠶ᠎ᠡ ᠪᠠᠷ ᠶᠡᠭᠡ ᠨᠢᠭᠲᠠᠴᠠ ᠶᠡᠬᠡᠲᠡᠢ ᠬᠤᠲᠠ ᠶᠢᠨ ᠭᠤᠣᠯ ᠲᠣᠭᠤᠷᠢᠭ ᠪᠠ | ᠨᠥᠯᠥᠭᠡᠯᠡᠬᠦ ᠬᠡᠪᠴᠢᠶ᠎ᠡ ᠪᠠᠷ ᠥᠷᠭᠡᠨ ᠵᠠᠩᠭᠢᠯᠠᠭ᠎ᠠ ᠶᠢᠨ ᠬᠦᠷᠢᠶ᠎ᠡ | ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠳᠠ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠨᠴᠠᠭᠠᠶᠢᠯᠠᠨ ᠬᠤᠳᠠ ᠶᠢᠨ ᠭᠠᠵᠠᠷ ᠳᠣᠣᠷᠠᠬᠢ ᠬᠤᠭᠤᠯᠠᠢ ᠭᠤᠤᠷᠰᠤ ᠶᠢᠨ | ᠲᠣᠣᠷ ᠵᠡᠷᠭᠡ ︽ᠳᠣᠲᠣᠷ︾ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠳᠠ ᠶᠢᠨ ᠠᠮᠤᠷ ᠲᠦᠪᠰᠢᠨ ᠤ | ᠤᠶᠠᠨ ᠬᠠᠳᠠᠨ ᠴᠢᠨᠠᠷ ᠤᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ | ᠤᠶᠠᠨ ᠬᠠᠳᠠᠨ ᠴᠢᠨᠠᠷᠲᠠᠢ᠂ ᠣᠶᠤᠨᠲᠤ ᠬᠤᠳᠠ ᠶᠢ ᠪᠦᠲᠦᠭᠡᠨ ᠪᠠᠶᠢᠭᠤᠯᠤᠨ᠎ᠠ᠃ | 5 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠵᠠᠰᠠᠵᠤ ᠰᠢᠨᠡᠳᠬᠡᠬᠦ ᠶᠢ ᠠᠬᠢᠭᠤᠯᠤᠨ᠎ᠠ | ︵2︶ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ︽ᠡᠩ ᠤᠨ ᠪᠠ ᠪᠠᠴᠢᠮ | ᠪᠠᠶᠢᠳᠠᠯ ᠳᠤ ᠵᠡᠷᠭᠡ ᠪᠠᠷ ᠬᠡᠷᠡᠭᠯᠡᠬᠦ︾ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ | ᠬᠤᠲᠠᠨ ᠳᠠᠬᠢ ᠲᠣᠰᠬᠤᠨ ᠢ ᠵᠠᠰᠠᠵᠤ ᠰᠢᠨᠡᠳᠬᠡᠬᠦ ᠶᠢ ᠲᠦᠷᠭᠡᠳᠬᠡᠨ ᠠᠬᠢᠭᠤᠯᠤᠨ᠎ᠠ | ︵3︶ ᠬᠤᠲᠠ ᠶᠢᠨ ᠦᠶᠡᠷ ᠤᠰᠤᠲᠤᠯ ᠤᠨ ᠵᠠᠰᠠᠯᠲᠠ ᠶᠢ ᠴᠢᠩᠭᠠᠳᠬᠠᠨ᠎ᠠ | ︵4︶ ᠬᠤᠲᠠ ᠶᠢᠨ ᠠᠮᠢ ᠨᠠᠰᠤᠨ ᠤ ᠱᠤᠭᠤᠮ ᠤᠨ ᠠᠶᠤᠯ ᠦᠭᠡᠢ ᠢᠨᠵᠧᠨᠧᠷᠢᠩ ᠢ ᠬᠡᠷᠡᠭᠵᠢᠭᠦᠯᠦᠨ᠎ᠡ | ︵5︶ ᠪᠣᠬᠢᠷᠳᠤᠯ ᠦᠭᠡᠢ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ | |