ᠪᠥᠬᠦ ᠬᠤᠰᠢᠭᠤᠨ ᠤ ᠥᠨᠳᠥᠷ ᠬᠡᠪ ᠪᠣᠯᠪᠠᠰᠤᠷᠠᠯ ᠲᠠᠢ ᠡᠮᠡᠭᠲᠡᠢ ᠮᠠᠯᠴᠢᠳ ᠤᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠤᠰᠬᠠᠢ ᠰᠡᠳᠦᠪᠲᠦ ᠪᠣᠯᠪᠠᠰᠤᠷᠠᠯ ᠰᠢᠯᠢᠩᠬᠤᠳᠠ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/8/7
      ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ︾ ᠶᠢ ᠬᠦᠠᠵᠡᠭᠡᠶᠢᠷᠡᠭᠦᠯᠵᠦ᠂ ᠡᠮᠡᠭᠲᠡᠢ ᠮᠠᠯᠴᠢᠳ ᠤᠨ ᠡᠯᠧᠺᠲᠷᠣᠨ ᠰᠦᠯᠵᠢᠶ᠎ᠡ ᠬᠤᠯᠪᠣᠭᠠᠨ ᠤ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠤᠶᠢᠯᠠᠭᠠᠯᠳᠠ ᠶᠢ ᠳᠡᠭᠡᠭᠰᠢᠯᠡᠭᠦᠯᠦᠨ᠂ ᠨᠡᠩ ᠤᠯᠠᠨ ᠡᠮᠡᠭᠳᠠᠢ ᠮᠠᠯᠴᠢᠳ ᠤᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠢ ᠰᠠᠶᠢᠳᠤᠷ ᠠᠰᠢᠭᠯᠠᠬᠤ ᠳᠤ ᠤᠯᠠᠮ ᠨᠢᠭᠡ ᠠᠯᠬᠤᠮ ᠰᠠᠭᠤᠷᠢ ᠲᠠᠯᠪᠢᠬᠤ ᠶᠢ ᠠᠬᠢᠭᠤᠯᠬᠤ ᠶᠢᠨ ᠲᠤᠰᠠᠳᠠ᠂ 7 ᠰᠠᠷ᠎ᠠ ᠶᠢᠨ 31 ᠤ ᠡᠳᠦᠷ ᠠᠴᠠ 8 ᠰᠠᠷ᠎ᠠ ᠶᠢᠨ 2 ᠤ ᠡᠳᠦᠷ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠬᠠᠮᠲᠤᠷᠠᠨ ᠪᠥᠬᠦ ᠬᠤᠰᠢᠭᠤᠨ ᠤ ᠥᠨᠳᠥᠷ ᠬᠡᠪ ᠪᠣᠯᠪᠠᠰᠤᠷᠠᠯ ᠲᠠᠢ ᠡᠮᠡᠭᠲᠡᠢ ᠮᠠᠯᠴᠢᠳ ᠤᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠠᠮᠵᠢᠯᠳᠠ  ᠲᠠᠢ ᠡᠷᠬᠢᠯᠡᠨ ᠶᠠᠪᠤᠭᠳᠠᠭᠤᠯᠵᠠᠢ᠃ ᠪᠣᠯᠪᠠᠰᠤᠷᠠᠯ ᠳᠤ ᠡᠯ᠎ᠡ ᠰᠤᠮᠤ ᠪᠠᠯᠭᠠᠰᠤᠨ ᠤ 30 ᠨᠡᠷ᠎ᠡ ᠡᠮᠡᠭᠲᠡᠢ ᠮᠠᠯᠴᠢᠨ  ᠲᠥᠯᠥᠭᠡᠯᠡᠭᠴᠢᠳ ᠣᠷᠣᠯᠴᠠᠵᠠᠢ᠃
        ᠲᠣᠰ ᠤᠳᠠᠭᠠᠨ ᠤ ᠪᠣᠯᠪᠠᠰᠤᠷᠠᠯ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂   ᠬᠠᠮᠲᠤ ᠶᠢᠨ ᠰᠤᠷᠤᠯᠴᠠᠯᠭ᠎ᠠ ᠪᠠ ᠲᠣᠭᠤᠷᠢᠨ ᠰᠤᠷᠤᠯᠴᠠᠯᠭ᠎ᠠ ᠶᠢ ᠨᠢᠭᠲᠠ ᠤᠶᠠᠯᠳᠤᠭᠤᠯᠤᠨ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠦ᠋ ᠯᠢ ᠵᠢᠶᠧ᠂ ᠰᠢᠯᠢ ᠶᠢᠨ ᠭᠤᠣᠯ ᠠᠶᠢᠮᠠᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠳᠡᠭᠡᠳᠦ ᠲᠠᠰ ᠤᠨ ᠪᠠᠭᠰᠢ ᡂᠢ ᠰᠢᠶᠠᠩ ᠭᠦᠸᠧ᠂ ᠯᠢ ᠰᠢᠶᠣᠣ ᠸᠧᠢ ᠵᠡᠷᠭᠡ 3 ᠪᠠᠭᠰᠢ ᠶᠢ ᠤᠷᠢᠵᠤ ᠲᠣᠰ ᠲᠣᠰ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠯᠧᠺᠲᠷᠣᠨ ᠬᠤᠳᠠᠯᠳᠤᠭ᠎ᠠ ᠶᠢ ᠰᠢᠭᠤᠳ ᠨᠡᠪᠲᠡᠷᠡᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠰᠤᠷᠤᠯᠴᠠᠯᠭ᠎ᠠ ᠥᠷᠨᠢᠭᠦᠯᠵᠦ᠂ ᠤᠷᠢᠳ ᠬᠤᠵᠢᠳ ᠰᠢᠯᠢᠩᠬᠤᠲᠠ ᠶᠢᠨ ᠶᠦᠨ ᠱᠧᠩ ᠲᠧᠭᠨᠢᠭ ᠮᠡᠷᠭᠡᠵᠢᠯ ᠤᠨ ᠬᠦᠷᠢᠶᠡᠯᠡᠩ᠂ ᠰᠢᠯᠢ ᠶᠢᠨ ᠭᠤᠣᠯ ᠠᠶᠢᠮᠠᠭ ᠤᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠰᠠᠭᠤᠷᠢᠨ ᠭᠠᠵᠠᠷ᠂ ᠰᠢᠯᠢ ᠶᠢᠨ ᠭᠤᠣᠯ ᠠᠶᠢᠮᠠᠭ ᠤᠨ ᠬᠥᠳᠡᠭᠡ ᠠᠷᠠᠯ ᠢᠳᠡᠭᠡᠨ ᠤ ᠬᠢᠵᠠᠭᠠᠷᠲᠤ ᠺᠣᠮᠫᠠᠨᠢ᠂ ᠰᠢᠯᠢ ᠶᠢᠨ ᠭᠤᠣᠯ ᠤᠨ ᠵᠠᠰᠠᠯ ᠴᠢᠮᠡᠭᠯᠡᠯ᠂  ᠱᠸᠦ ᠹᠠᠩ ᠰᠢᠯᠢ ᠶᠢᠨ ᠭᠤᠣᠯ ᠤᠨ ᠴᠠᠭᠠᠨ ᠢᠳᠡᠭᠡᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠣᠶᠤᠨᠲᠤ ᠮᠠᠯ ᠠᠵᠤ ᠠᠬᠤᠢ ᠶᠢ ᠬᠥᠭᠵᠢᠭᠦᠯᠬᠦ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠰᠢᠭᠤᠳ ᠨᠡᠪᠳᠡᠷᠡᠬᠦᠯᠬᠡ ᠪᠠᠷ ᠪᠠᠷᠠᠭ᠎ᠠ ᠬᠤᠳᠠᠯᠳᠤᠬᠤ᠂ ᠠᠵᠤ ᠦᠢᠯᠡᠰ ᠤᠨ ᠡᠵᠡᠩᠨᠡᠨ ᠪᠣᠷᠤᠯᠠᠭᠤᠯᠭ᠎ᠠ᠂ ᠰᠢᠩᠭᠡᠭᠡᠨ ᠰᠡᠭᠦᠳᠡᠷᠯᠡᠵᠦ ᠡᠮᠬᠢᠯᠡᠨ ᠲᠢᠭᠯᠡᠬᠦ᠂ ᠨᠠᠷᠠᠲᠤ ᠲᠡᠮᠳᠡᠭᠲᠦ ᠶᠢ ᠳᠡᠯᠭᠡᠷᠡᠭᠦᠯᠦᠨ ᠡᠵᠡᠩᠨᠡᠬᠦ ᠵᠡᠷᠭᠡ ᠲᠠᠯ᠎ᠠ ᠪᠠᠷ ᠲᠤᠭᠤᠷᠢᠨ  ᠰᠤᠷᠤᠯᠴᠠᠯᠭ᠎ᠠ ᠥᠷᠨᠢᠭᠦᠯᠵᠦ᠂ ᠰᠤᠷᠤᠯᠭᠠᠳᠠᠳ ᠤᠨ ᠮᠡᠳᠡᠯᠭᠡ ᠶᠢᠨ ᠬᠦᠷᠢᠶ᠎ᠡ ᠴᠠᠷᠠᠭ᠎ᠠ᠂ ᠰᠡᠳᠬᠢᠮᠵᠢ  ᠶᠢ ᠤᠯᠠᠮ ᠨᠢᠭᠡ ᠠᠯᠬᠤᠮ ᠥᠷᠭᠡᠳᠬᠡᠪᠡ᠃
     ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠮᠠᠯᠵᠢᠬᠤ ᠣᠷᠣᠨ ᠤ ᠡᠮᠡᠭᠲᠡᠶᠢᠴᠦᠳ ᠤᠨ ᠰᠢᠭᠤᠳ ᠨᠡᠪᠳᠡᠷᠡᠬᠦᠯᠬᠡ ᠡᠯᠧᠺᠲᠷᠣᠨ ᠬᠤᠳᠠᠯᠳᠤᠭ᠎ᠠ ᠪᠠᠷ ᠪᠠᠷᠠᠭ᠎ᠠ ᠬᠤᠳᠠᠯᠳᠤᠬᠤ ᠢᠲᠡᠭᠡᠯ ᠵᠣᠷᠢᠭ ᠢ ᠨᠢ ᠬᠥᠪᠴᠢᠯᠡᠵᠦ᠂ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠬᠠᠯᠠᠭᠤᠨ ᠰᠡᠳᠬᠢᠯᠭᠡ ᠶᠢ ᠨᠢ ᠬᠥᠭᠵᠢᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠨᠢ ᠳᠡᠭᠡᠭᠰᠢᠯᠡᠭᠦᠯᠵᠦ᠂ ᠡᠯᠧᠺᠲᠷᠣᠨ ᠬᠤᠳᠠᠯᠳᠤᠭᠠᠨ ᠤ ᠰᠢᠨ᠎ᠡ ᠶᠢ ᠡᠭᠦᠳᠦᠨ ᠦᠢᠯᠡᠰ ᠪᠣᠰᠬᠠᠬᠤ ︽ᠳᠠᠭᠠᠭᠤᠯᠤᠭᠴᠢ︾ ᠪᠣᠯᠬᠤ ᠪᠠᠷ ᠴᠢᠷᠮᠠᠶᠢᠨ᠂  ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠬᠢᠭᠤᠯᠤᠯᠳᠠ ᠳᠤ ᠬᠦᠴᠦᠨ ᠴᠢᠳᠠᠯ ᠢᠶᠠᠨ ᠡᠷᠭᠦᠬᠦ ᠶᠢ ᠬᠥᠲᠥᠯᠥᠨ ᠵᠢᠯᠣᠭᠤᠳᠴᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号