ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠯᠭ᠎ᠠ ᠶᠢᠨᠭᠤᠣᠯᠯᠠᠬᠤ ᠳᠤᠭᠤᠶᠢᠯᠠᠩ 2024 ᠣᠨ ᠤ 11 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠬᠢ᠊
ᠨᠡᠶᠢᠲᠡᠯᠡᠭᠰᠡᠨ ᠴᠠᠭ᠄
2024/8/7
    7 ᠰᠠᠷ᠎ᠠ ᠶᠢᠨ 31 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2024 ᠣᠨ ᠤ 11 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠭᠢ  ᠶᠢ ᠡᠷᠬᠢᠯᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ  ᠬᠤᠩ ᠭᠠᠩ ᠬᠤᠷᠠᠯ ᠢ ᠡᠷᠭᠢᠯᠠᠨ ᠶᠠᠷᠢᠶ᠎ᠠ ᠲᠠᠯᠪᠢᠵᠠᠢ᠃    ᠬᠤᠷᠠᠯ ᠳᠤ᠂ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠭᠡᠰᠢᠭᠦᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ᠂ ᠰᠢ ᠶᠢᠨ ᠫᠢᠩ ᠶᠡᠷᠦᠩᠬᠡᠢ ᠱᠦᠵᠢ ᠶᠢᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠲᠤᠬᠠᠢ ᠲᠣᠳᠣᠷᠬᠠᠶᠢᠯᠠᠯᠲᠠ ᠪᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠪᠦᠭᠦ ᠠᠭᠤᠯᠭ᠎ᠠ ᠶᠢ ᠰᠤᠷᠤᠯᠴᠠᠪᠠ᠃ ᠡᠭᠦᠨ ᠤ ᠬᠠᠮᠲᠤ ᠥᠪᠡᠷ ᠢᠶᠠᠨ ᠰᠤᠷᠬᠤ ᠬᠤᠯᠪᠣᠭᠳᠠᠯ ᠪᠦᠬᠦᠢ ᠠᠭᠤᠯᠭ᠎ᠠ ᠶᠢ  ᠲᠣᠬᠢᠷᠠᠭᠤᠯᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠄    ᠪᠥᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠭᠤᠣᠯ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠨ ᠡᠵᠡᠮᠰᠢᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠨ᠂ ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ᠂ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠄     ᠨᠢᠭᠡ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ︽ᠲᠣᠭᠲᠠᠭᠠᠯ︾ ᠤᠨ ᠲᠡᠦᠬᠡᠲᠦ ᠠᠴᠢ ᠬᠤᠯᠪᠣᠭᠳᠠᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ  ᠠᠴᠠ ᠨᠠᠰᠢᠬᠢ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠪᠠ ᠬᠠᠷᠠᠯᠲᠠ ᠡᠭᠦᠷᠭᠡ ᠶᠢ ᠭᠦᠨᠵᠡᠭᠡᠢ ᠣᠶᠢᠯᠠᠭᠠᠵᠤ᠂ ᠮᠠᠨ ᠤ ᠬᠤᠰᠢᠭᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠤᠱᠯᠠᠭᠤᠯᠬᠤ ᠠᠷᠭ᠎ᠠ ᠬᠡᠮᠵᠢᠶ᠎ᠡ ᠲᠣᠭᠲᠠᠭᠠᠨ᠂ ᠦᠳᠲᠡᠷ ᠲᠦᠷᠭᠡᠨ ᠬᠥᠳᠡᠯᠦᠯᠴᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃     ᠬᠤᠶᠠᠷ᠂ ᠵᠣᠬᠢᠶᠠᠨ ᠪᠠᠶᠢᠭᠤᠯᠵᠤ ᠳᠠᠶᠢᠴᠢᠯᠠᠬᠤ ᠶᠢ ᠴᠢᠩᠭᠠᠳᠬᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠵᠤ ᠤᠬᠠᠭᠤᠯᠤᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠬᠤ ᠬᠡᠷᠡᠭᠲᠡᠢ᠃ ᠰᠤᠷᠤᠯᠴᠠᠯᠭ᠎ᠠ ᠪᠣᠯᠪᠠᠰᠤᠷᠠᠯ ᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠂ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠴᠢᠷᠮᠠᠶᠢᠨ ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠡᠯ᠎ᠡ ᠵᠦᠢᠯ ᠤᠨ ᠠᠵᠢᠯ  ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃    ᠭᠤᠷᠪᠠ᠂ ᠬᠠᠷᠠᠯᠲᠠ ᠡᠭᠦᠷᠭᠡ ᠲᠣᠭᠲᠠᠭᠠᠵᠤ᠂ ᠰᠤᠷᠤᠯᠴᠠᠨ ᠲᠤᠤᠱᠯᠠᠭᠤᠯᠤᠭᠰᠠᠨ ᠦᠷ᠎ᠡ ᠪᠦᠲᠦᠭᠡᠯ ᠢ ᠪᠣᠳᠠᠲᠤ ᠠᠵᠢᠯᠯᠠᠭ᠎ᠠ ᠪᠠᠷ ᠢᠶᠠᠨ ᠨᠠᠶᠢᠳᠠᠪᠤᠷᠢᠵᠢᠭᠤᠯᠤᠨ᠂ ᠠᠵᠢᠯ ᠤᠨ ᠦᠷ᠎ᠡ ᠪᠦᠲᠦᠮᠵᠢ ᠪᠠᠷ ᠢᠶᠠᠨ ᠢᠯᠡᠷᠡᠭᠦᠯᠬᠦ ᠬᠡᠷᠡᠭᠲᠡᠢ᠃  ᠪᠦᠬᠦ ᠵᠢᠯ ᠤᠨ ᠬᠠᠷᠠᠯᠲᠠ ᠪᠠᠷ ᠭᠤᠣᠯᠳᠠᠯᠭ᠎ᠠ ᠪᠣᠯᠭᠠᠨ᠂ ᠠᠵᠤ ᠠᠬᠤᠢ ᠶᠢᠨ ᠠᠵᠢᠯᠯᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠂ ᠰᠢᠨ᠎ᠡ ᠬᠥᠳᠡᠯᠭᠡᠬᠦ ᠬᠦᠴᠦᠨ ᠢ ᠪᠣᠢ ᠪᠣᠯᠭᠠᠨ ᠬᠥᠭᠵᠢᠭᠦᠯᠬᠦ ᠬᠡᠷᠡᠭᠲᠡᠢ᠃ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ  ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ  ᠤᠨ ᠠᠮᠢᠳᠤᠷᠠᠯ ᠤᠨ ᠵᠣᠯ ᠵᠢᠷᠭᠠᠯ ᠢ ᠳᠡᠭᠡᠭᠰᠢᠯᠡᠭᠦᠯᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃     ᠲᠤᠬᠠᠢ ᠶᠢᠨ ᠡᠳᠦᠷ᠂ ᠣᠨᠣᠯ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠨᠢ ᠪᠠᠰᠠ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ︾ ᠶᠢᠨ ᠵᠢᠯᠣᠭᠤᠳᠤᠮᠵᠢ ᠶᠢ ᠬᠠᠮᠲᠤ ᠪᠠᠷ ᠰᠤᠷᠤᠯᠴᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号