ᠪᠠᠷᠠᠭᠤᠨ ᠦᠵᠦᠮᠦᠴᠢᠨ ᠬᠤᠰᠢᠭᠤ ᠠᠮᠢ ᠠᠬᠤᠢ ᠶᠢᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠫᠠᠶᠢᠰᠠ ᠰᠡᠬᠦᠬᠦ ᠶᠣᠰᠣᠯᠠᠯ ᠵᠢᠴᠢ ︽ᠦᠵᠡᠰᠬᠦᠯᠡᠩᠲᠦ ᠰᠠᠶᠢᠬᠠᠨ ᠮᠠᠯᠵᠢᠬᠤ ᠣᠷᠣᠨ︾ ᠤ ᠰᠤᠳᠤᠯᠭᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠶᠠᠷᠢᠯᠴᠠᠬᠤ ᠬᠤᠷᠠᠯ ᠢ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/8/7
     8 ᠰᠠᠷ᠎ᠠ ᠶᠢᠨ 2 ᠤᠨ ᠡᠳᠦᠷ᠂ ᠪᠠᠷᠠᠭᠤᠨ ᠦᠵᠦᠮᠦᠴᠢᠨ ᠬᠤᠰᠢᠭᠤ ᠪᠠᠷᠠᠭᠤᠨ ᠦᠵᠦᠮᠦᠴᠢᠨ ᠤ ᠠᠮᠢ ᠠᠬᠤᠢ ᠶᠢᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠫᠠᠶᠢᠰᠠ ᠰᠡᠬᠦᠬᠦ ᠶᠣᠰᠣᠯᠠᠯ ᠵᠢᠴᠢ ︽ᠦᠵᠡᠰᠬᠦᠯᠡᠩᠲᠦ ᠰᠠᠶᠢᠬᠠᠨ ᠮᠠᠯᠵᠢᠬᠤ ᠣᠷᠣᠨ︾ ᠤ ᠰᠤᠳᠤᠯᠭᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠶᠠᠷᠢᠯᠴᠠᠬᠤ ᠬᠤᠷᠠᠯ ᠢ ᠡᠷᠬᠢᠯᠡᠨ ᠶᠠᠪᠤᠭᠳᠠᠭᠤᠯᠪᠠ᠃ ᠬᠤᠰᠢᠭᠤ ᠳᠡᠳ᠋ ᠳᠠᠷᠤᠭ᠎ᠠ ᠷᠧᠨ ᠳ᠋ᠧ ᠰᠢᠨ ᠬᠤᠷᠠᠯ ᠢ ᠡᠷᠭᠢᠯᠡᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠭᠠᠵᠠᠷ ᠰᠢᠷᠣᠢ ᠶᠢᠨ ᠰᠢᠨᠵᠢᠯᠡᠬᠦ ᠤᠬᠠᠭᠠᠨ ᠪᠠ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠵᠦᠢ ᠶᠢᠨ ᠰᠢᠨᠵᠢᠯᠡᠬᠦ ᠤᠬᠠᠭᠠᠨ ᠪᠠ ᠡᠬᠢ ᠪᠠᠶᠠᠯᠢᠭ ᠤᠨ ᠰᠤᠳᠤᠯᠭᠠᠨ ᠤ ᠭᠠᠵᠠᠷ ᠤᠨ ᠲᠤᠰᠬᠠᠢ ᠮᠡᠷᠭᠡᠵᠢᠯᠲᠡᠨ ᠬᠤᠷᠠᠯ ᠳᠤ ᠣᠷᠣᠯᠴᠠᠵᠠᠢ᠃      ᠬᠤᠷᠠᠯ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠨᠢᠭᠡ ᠵᠢᠯ ᠤᠨ ᠲᠤᠷᠰᠢᠬᠢ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠲᠤᠰᠬᠠᠢ ᠮᠡᠷᠭᠡᠵᠢᠯᠲᠡᠨ ᠡᠷᠳᠡᠮᠲᠡᠨ ᠪᠣᠯᠣᠨ ᠰᠤᠷᠤᠭᠴᠢᠳ ᠤᠨ ᠬᠤᠶᠢᠰᠢᠳᠠ ᠶᠢᠨ ᠠᠵᠢᠯ ᠳᠤᠮᠳᠠ ᠪᠠᠨ ᠦᠷᠭᠦᠯᠵᠢᠯᠡᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠲᠦᠭᠡᠮᠡᠯᠵᠢᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠪᠡ᠃ ᠬᠤᠷᠠᠯ  ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ  ᠪᠠᠶᠢᠭᠤᠯᠭ᠎ᠠ ᠨᠢᠭᠡᠴᠡ ᠨᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ   ᠲᠠᠢ ᠢᠳᠡᠪᠬᠢᠲᠡᠢ ᠪᠠᠷ ᠵᠣᠯᠭᠠᠭᠤᠯᠵᠤ᠂ ᠪᠠᠷᠠᠭᠤᠨ ᠦᠵᠦᠮᠦᠴᠢᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠢ᠃ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠮᠠᠯ ᠠᠵᠤ ᠠᠬᠤᠢ ᠶᠢᠨ ᠡᠬᠢ ᠪᠠᠶᠠᠯᠢᠭ ᠢ ᠪᠦᠲᠦᠮᠵᠢᠲᠡᠢ ᠨᠢᠭᠡᠳᠬᠡᠨ ᠬᠡᠷᠡᠭᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃     ᠬᠤᠷᠠᠯ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠡᠷᠳᠡᠮᠲᠡᠳ ᠠᠴᠠ ᠦᠵᠡᠰᠬᠦᠯᠡᠩᠲᠦ ᠰᠠᠶᠢᠬᠠᠨ ᠮᠠᠯᠵᠢᠬᠤ ᠣᠷᠣᠨ ᠤ ᠵᠢᠱᠢᠶ᠎ᠡ ᠦᠵᠡᠭᠦᠯᠬᠦ ᠰᠠᠭᠤᠷᠢᠨ ᠤ ᠠᠬᠢᠴᠠ ᠶᠢᠨ ᠮᠡᠳᠡᠭᠦᠯᠦᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠠᠬᠢᠴᠠ ᠶᠢᠨ ᠮᠡᠳᠡᠭᠦᠯᠦᠯᠲᠡ ᠬᠢᠵᠡᠢ ᠃ ᠡᠭᠦᠨ ᠤ ᠵᠡᠷᠭᠡᠪᠡᠷ᠂ ᠬᠤᠷᠠᠯ ᠳᠤ ᠣᠷᠣᠯᠴᠠᠭᠰᠠᠳ ᠪᠠᠰᠠ ᠰᠢᠨ᠎ᠡ ᠶᠢ ᠡᠭᠦᠳᠬᠦ ᠪᠠᠷ ᠬᠥᠭᠵᠢᠯᠲᠡ  ᠶᠢ ᠳᠠᠶᠢᠴᠢᠯᠠᠬᠤ  ᠳᠤ ᠦᠢᠯᠡᠴᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠴᠢᠳᠠᠪᠤᠷᠢᠲᠠᠨ ᠢ ᠤᠷᠢᠨ ᠠᠪᠴᠢᠷᠠᠬᠤ᠂ ᠦᠷ᠎ᠡ ᠪᠦᠲᠦᠭᠡᠯ ᠢ ᠬᠤᠪᠢᠷᠠᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠲᠠᠯ᠎ᠠ ᠪᠠᠷ ᠢᠳᠡᠪᠬᠢᠲᠡᠢ ᠰᠠᠨᠠᠯ ᠵᠥᠪᠯᠡᠯᠭᠡ ᠳᠤᠷᠠᠳᠪᠠ᠃ ᠳᠠᠷᠠᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠬᠤ ᠶᠢᠨ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠳᠤ ᠬᠦᠷᠴᠦ ᠲᠣᠭᠤᠷᠢᠨ ᠦᠵᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号