︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ᠢ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/8/7
    7 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠤᠨ ᠬᠠᠮᠢᠶ᠎ᠠ ᠪᠦᠬᠦᠢ ᠲᠣᠭᠲᠠᠭᠠᠯ ᠢ ᠲᠥᠪᠯᠡᠷᠡᠭᠦᠯᠦᠨ ᠨᠡᠶᠢᠲᠡᠯᠡᠵᠦ᠂ ︽ᠳᠦᠷᠢᠮ︾ ᠢ ᠤᠬᠠᠭᠤᠯᠤᠨ ᠲᠠᠶᠢᠯᠪᠤᠷᠢᠯᠠᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠶᠢ ᠠᠬᠢᠭᠤᠯᠵᠤ᠂ ᠪᠦᠭᠦ ᠨᠡᠶᠢᠭᠡᠮ ᠤᠨ ᠦᠨᠡᠨᠴᠢ ᠢᠲᠡᠭᠡᠮᠵᠢ ᠶᠢᠨ ᠤᠬᠠᠮᠰᠠᠷ ᠪᠠ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ ᠶᠢ ᠵᠣᠷᠢᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠶᠡᠷᠦᠩᠬᠡᠢ ᠳᠤᠨᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ᠂ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠤᠯᠢ ᠴᠠᠭᠠᠵᠠ ᠶᠢᠨ ᠲᠢᠩᠬᠢᠮ ᠤᠨ ᠬᠠᠷᠢᠭᠤᠴᠠᠯᠭᠠᠲᠠᠨ ︽ᠳᠦᠷᠢᠮ︾ ᠤᠨ ᠭᠢᠯᠠᠰ ᠴᠡᠭ᠂ ︽ᠳᠦᠷᠢᠮ︾ ᠤᠨ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠪᠠ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠢᠷᠤᠮᠵᠢᠯ ᠬᠢᠭᠡᠳ ᠬᠥᠭᠵᠢᠯᠲᠡ ᠶᠢᠨ ᠲᠤᠬᠠᠢ ᠲᠣᠭᠲᠠᠭᠠᠯ ᠵᠡᠷᠭᠡ ᠠᠭᠤᠯᠭ᠎ᠠ ᠶᠢᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃      ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠠᠨᠢᠯᠴᠠᠭᠤᠯᠤᠭᠰᠠᠨ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠠᠤᠯᠢ ᠲᠣᠭᠲᠠᠭᠠᠬᠤ ᠪᠠᠷ ᠳᠠᠮᠵᠢᠭᠤᠯᠤᠨ ᠮᠠᠨ ᠤ ᠣᠷᠣᠨ ᠤ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ︽ᠳᠦᠷᠢᠮ︾ ᠢ 2024 ᠣᠨ ᠤ ᠭᠤᠣᠯᠳᠠᠯᠭ᠎ᠠ ᠲᠠᠢ ᠬᠠᠤᠯᠢ ᠲᠣᠭᠲᠠᠭᠠᠬᠤ ᠲᠥᠷᠥᠯ ᠵᠦᠢᠯ ᠢᠶᠠᠷ ᠲᠣᠭᠲᠠᠭᠠᠪᠠ᠃ 7 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠠᠴᠠ ᠲᠣᠰ ︽ᠳᠦᠷᠢᠮ︾ ᠢ ᠪᠠᠲᠤᠯᠠᠪᠠ᠃ ︽ᠳᠦᠷᠢᠮ︾ ᠨᠢ ᠨᠡᠶᠢᠲᠡ 8 ᠪᠦᠯᠦᠭ 51 ᠵᠦᠢᠯ ᠢᠶᠠᠷ ᠪᠦᠷᠢᠯᠳᠦᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠪᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ᠂ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ᠂ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠢᠷᠤᠮᠵᠢᠯ ᠬᠢᠭᠡᠳ ᠬᠥᠭᠵᠢᠯᠲᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠶᠢᠨ ᠲᠤᠬᠠᠢ ᠲᠣᠭᠲᠠᠭᠠᠯ ᠭᠠᠷᠭᠠᠵᠤ᠂ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号