︽ᠰᠢᠭᠦᠰᠦᠯᠢᠭ ᠵᠢᠮᠢᠰ︾ ᠢ ᠢᠯᠡᠭᠦᠦ ᠢᠳᠡᠪᠡᠯ ᠶᠡᠭᠡ ᠲᠠᠷᠢᠬᠢ ᠨᠡᠩ ᠵᠠᠯᠠᠭᠤᠵᠢᠨ᠎ᠠ︕ 7 ᠰᠠᠷ᠎ᠠ ᠶᠢᠨ 10 ᠤ | ᠡᠳᠦᠷ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠰᠤᠳᠤᠯᠭᠠᠲᠠᠳ ︽ᠰᠢᠮ᠎ᠡ ᠲᠡᠵᠢᠭᠡᠯ ᠤᠨ | ᠤᠬᠠᠭᠠᠨ ᠤ ᠬᠤᠰᠢᠭᠤᠷᠠᠯ︾ ᠲᠤ ᠨᠡᠶᠢᠲᠡᠯᠡᠭᠰᠡᠨ ᠨᠢᠭᠡᠨ ᠰᠤᠳᠤᠯᠭᠠᠨ ᠳᠤ᠂ ᠰᠢᠭᠦᠰᠦᠯᠢᠭ ᠵᠢᠮᠢᠰ ᠢᠯᠡᠭᠦᠦ ᠢᠳᠡᠬᠦ᠂ | ᠣᠨᠴᠠᠭᠠᠶᠢᠯᠠᠨ ᠡᠳᠦᠷ ᠪᠦᠷᠢ 100 ᠠᠴᠠ 200 ᠭᠷᠡᠮ ᠦᠵᠦᠮ ᠢᠳᠡᠪᠡᠯ ᠬᠥᠮᠥᠰ ᠤᠨ ᠲᠠᠨᠢᠨ ᠮᠡᠳᠡᠬᠦᠢ ᠶᠢᠨ | ᠴᠢᠳᠠᠮᠵᠢ ᠶᠢ ᠬᠠᠮᠠᠭᠠᠯᠠᠬᠤ ᠳᠤ ᠠᠰᠢᠭᠲᠠᠢ ᠪᠠᠶᠢᠳᠠᠭ᠃ ᠰᠤᠳᠤᠯᠭᠠᠨ ᠤ ᠦᠷ᠎ᠡ ᠳ᠋ᠦᠩ ᠠᠴᠠ᠂ ᠪᠤᠰᠤᠳᠴᠢ ᠲᠠᠨᠢᠨ | ᠮᠡᠳᠡᠬᠦᠢ ᠨᠢ ᠬᠤᠬᠢᠷᠠᠯ ᠳᠤ ᠤᠴᠠᠷᠠᠭᠰᠠᠨ ᠦᠭᠡᠢ ᠳᠤᠭᠤᠶᠢᠯᠠᠩ ᠤᠨ ᠳᠣᠲᠣᠷᠠᠬᠢ ᠰᠢᠭᠦᠰᠦᠯᠢᠭ ᠵᠢᠮᠢᠰ ᠢᠳᠡᠬᠦ ᠳᠤᠷ᠎ᠠ | ᠦᠭᠡᠢ ᠬᠥᠮᠥᠨ ᠢ ᠰᠢᠭᠦᠰᠦᠯᠢᠭ ᠵᠢᠮᠢᠰ ᠢᠳᠡᠬᠦ ᠳᠤᠷᠠᠲᠠᠢ ᠬᠥᠮᠥᠨ ᠲᠠᠢ ᠬᠠᠷᠢᠴᠠᠭᠤᠯᠤᠭᠰᠠᠨ ᠳᠤ ᠲᠠᠨᠢᠨ | ᠮᠡᠳᠡᠬᠦᠢ ᠶᠢᠨ ᠰᠠᠭᠠᠳ ᠭᠠᠷᠬᠤ ᠲᠦᠭᠰᠢᠭᠦᠷᠢ ᠨᠢ 46% ᠪᠠᠷ ᠪᠠᠭᠤᠷᠠᠭᠰᠠᠨ ᠢ ᠣᠯᠵᠤ ᠮᠡᠳᠡᠵᠡᠢ ᠭᠡᠪᠡ᠃ | ᠵᠦᠢᠯ ᠪᠦᠷᠢ ᠶᠢᠨ ᠰᠢᠭᠦᠰᠦᠯᠢᠭ ᠵᠢᠮᠢᠰ ᠤᠨ ᠳᠣᠲᠣᠷ᠎ᠠ ᠣᠨᠴᠠᠭᠠᠶᠢᠯᠠᠨ ᠡᠨᠡ ᠬᠡᠳᠦᠨ ᠵᠦᠢᠯ ᠤᠨ ᠬᠢ ᠶᠢ | ᠲᠠᠨᠢᠯᠴᠠᠭᠤᠯᠤᠶ᠎ᠠ︕ | 1. ᠭᠦᠵᠡᠯᠵᠡᠭᠡᠨ᠎ᠡ - ᠤᠰᠤ ᠨᠥᠬᠦᠪᠦᠷᠢᠯᠡᠬᠦ ᠰᠢᠯᠢᠳᠡᠭ ᠬᠠᠪᠰᠤᠷᠤᠭᠴᠢ ᠶᠤᠮ | 2. ᠵᠡᠯᠡᠲᠦ ᠵᠢᠮᠢᠰᠭᠡᠨ᠎ᠡ - ᠢᠰᠦᠯᠳᠦᠬᠦ ᠶᠢ ᠡᠰᠡᠷᠭᠦᠴᠡᠬᠦ ᠴᠢᠳᠠᠪᠤᠷᠢᠲᠠᠨ ᠶᠤᠮ | 3. ᠬᠥᠬᠡ ᠵᠢᠮᠢᠰᠭᠡᠨ᠎ᠡ - ᠴᠡᠴᠡᠭ ᠤᠨ ᠬᠥᠬᠡ ᠡᠳ᠋ ᠤᠨ ᠨᠡᠶᠢᠲᠡᠯᠢᠭ ᠲᠥᠯᠥᠭᠡᠯᠡᠭᠴᠢ ᠶᠤᠮ | 4. ᠦᠵᠦᠮ - ᠴᠡᠴᠡᠭ ᠤᠨ ᠬᠥᠬᠡ ᠡᠳ᠋ ᠤᠨ ᠨᠡᠶᠢᠲᠡᠯᠢᠭ ᠲᠥᠯᠥᠭᠡᠯᠡᠭᠴᠢ ᠶᠤᠮ | 5. ᠲᠣᠰᠢᠯᠤᠭ - ᠸᠢᠲ᠋ᠠᠮᠢᠨ C ᠶᠢᠨ ᠠᠭᠤᠯᠤᠭᠳᠠᠴᠠ ᠪᠠᠷ ᠥᠨᠳᠥᠷ ᠪᠠᠶᠢᠳᠠᠭ | 6. ᠤᠳᠤᠮᠪᠠᠷᠠ ᠵᠢᠮᠢᠰ᠄ ᠣᠯᠠᠨ ᠵᠦᠢᠯ ᠤᠨ ᠰᠢᠮ᠎ᠡ ᠲᠡᠵᠢᠭᠡᠯᠲᠦ ᠡᠳ᠋ ᠠᠭᠤᠯᠤᠭᠳᠠᠵᠤ ᠪᠠᠶᠢᠳᠠᠭ᠃ |