ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2024/8/9
     ᠮᠠᠨ ᠤ ᠠᠶᠢᠮᠠᠭ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠣᠯᠣᠨ ᠬᠢᠷᠢ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠦᠨ᠂ ᠪᠦᠬᠦ ᠠᠶᠢᠮᠠᠭ ᠤᠨ 6 ᠲᠦᠮᠡ ᠭᠠᠷᠤᠢ ᠰᠤᠷᠤᠭᠴᠢᠳ ᠤᠨ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠳᠡᠯ ᠦᠯᠦ ᠡᠭᠦᠰᠦᠭᠰᠡᠨ ᠰᠠᠶᠢᠨ ᠰᠠᠶᠢᠬᠠᠨ ᠪᠠᠶᠢᠳᠠᠯ ᠢ ᠪᠠᠲᠤᠯᠠᠪᠠ᠃           ᠮᠠᠨ ᠤ ᠠᠶᠢᠮᠠᠭ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠤᠷᠭᠠᠭᠤᠯᠢ ᠶᠢᠨ ᠵᠠᠬᠢᠷᠤᠯ ᠬᠠᠷᠢᠭᠤᠴᠠᠬᠤ ᠳᠦᠷᠢᠮ ᠪᠠ ᠰᠤᠷᠭᠠᠭᠤᠯᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠮᠲᠤ ᠬᠤᠭᠤᠯᠠᠯᠠᠬᠤ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢ ᠱᠠᠭᠠᠷᠳᠠᠨ ᠬᠤᠭᠤᠯᠠᠨ ᠭᠡᠷ ᠤᠨ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠪᠣᠯᠪᠠᠰᠤᠷᠠᠯ ᠢ ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ 300 ᠬᠥᠮᠥᠨ ᠠᠴᠠ ᠳᠡᠭᠡᠭᠰᠢᠬᠢ ᠬᠡᠦᠬᠡᠳ ᠰᠠᠭᠠᠲᠠᠭᠤᠯᠬᠤ 29 ᠪᠠᠶᠢᠭᠤᠯᠤᠮᠵᠢ ᠶᠢᠨ ᠬᠤᠭᠤᠯᠠᠨ ᠭᠡᠷ᠂ 500 ᠬᠥᠮᠥᠨ ᠠᠴᠠ ᠳᠡᠭᠡᠭᠰᠢᠬᠢ 19 ᠰᠤᠷᠭᠠᠭᠤᠯᠢ ᠶᠢᠨ ᠬᠤᠭᠤᠯᠠᠨ ᠭᠡᠷ ᠲᠤ ᠴᠥᠮ ᠢᠳᠡᠭᠡᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠢᠳᠡᠭᠡᠨ ᠤ ᠠᠮᠤᠷ ᠲᠦᠪᠰᠢᠨ ᠤ ᠠᠵᠢᠯᠲᠠᠨ ᠲᠣᠬᠢᠷᠠᠭᠤᠯᠵᠤ᠂ ᠪᠤᠰᠤᠳ ᠰᠤᠷᠭᠠᠭᠤᠯᠢ ᠶᠢᠨ ᠬᠤᠭᠤᠯᠠᠨ ᠭᠡᠷ ᠲᠤ ᠴᠥᠮ ᠢᠳᠡᠭᠡᠨ ᠤ ᠠᠮᠤᠷ ᠲᠦᠪᠰᠢᠨ ᠤ ᠠᠵᠢᠯᠲᠠᠨ ᠲᠣᠬᠢᠷᠠᠭᠤᠯᠵᠤ᠂ ︽ᠡᠳᠦᠷ ᠲᠤ ᠬᠠᠮᠢᠶᠠᠷᠤᠨ ᠡᠵᠡᠮᠳᠡᠬᠦ᠂ ᠭᠠᠷᠠᠭ ᠲᠤ ᠵᠢᠭᠰᠠᠭᠠᠨ ᠪᠠᠶᠢᠴᠠᠭᠠᠬᠤ᠂ ᠰᠠᠷ᠎ᠠ ᠳᠤ ᠲᠣᠬᠢᠷᠠᠭᠤᠯᠬᠤ︾ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠤᠨ ᠬᠡᠷᠡᠭᠵᠢᠭᠦᠯᠪᠡ᠃           ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠰᠤᠷᠭᠠᠭᠤᠯᠢ ᠶᠢᠨ ᠬᠤᠭᠤᠯᠠᠨ ᠭᠡᠷ ᠲᠤ ᠪᠦᠬᠦᠨ ᠢ ᠬᠠᠮᠤᠷᠤᠭᠰᠠᠨ ᠪᠠᠶᠢᠴᠠᠭᠠᠯᠲᠠ ᠶᠢ ᠬᠡᠷᠡᠭᠵᠢᠭᠦᠯᠵᠦ᠂ ᠳᠡᠭᠡᠳᠦ ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ᠂ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠬᠦ ᠰᠤᠷᠭᠠᠭᠤᠯᠢ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠂ ᠠᠮᠤᠷ ᠲᠦᠪᠰᠢᠨ ᠤ ᠪᠠᠶᠢᠴᠠᠭᠠᠯᠲᠠ ᠶᠢ ᠰᠠᠶᠢᠲᠤᠷ ᠥᠷᠨᠢᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠲᠣᠭᠤᠷᠢᠨ ᠪᠠᠶᠢᠴᠠᠭᠠᠪᠠ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠳᠠᠬᠢᠨ ᠳᠠᠪᠲᠠᠨ ᠪᠠᠶᠢᠴᠠᠭᠠᠬᠤ ᠶᠢ ᠪᠠᠷᠢᠮᠲᠠᠯᠠᠵᠤ᠂ ᠣᠷᠣᠰᠢᠵᠤ ᠮᠡᠳᠡᠬᠦ ᠠᠮᠤᠷ ᠲᠦᠪᠰᠢᠨ ᠤ ᠳᠠᠯᠳᠠ ᠬᠡᠮ ᠢ ᠭᠦᠨᠵᠡᠭᠡᠢ ᠠᠭᠤᠳᠠᠯᠵᠤ᠂ ᠲᠤᠬᠠᠢ ᠶᠢᠨ ᠲᠠᠯᠠᠪᠤᠷ ᠲᠤᠨᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠪᠠ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠵᠡᠷᠭᠡ ᠪᠠᠷ ᠠᠳᠬᠤᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠬᠤ ᠶᠢ ᠦᠨᠡᠨ ᠬᠦ ᠪᠠᠲᠤᠯᠠᠪᠠ᠃           ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ︽ᠢᠨᠲ᠋ᠧᠷ ᠰᠦᠯᠵᠢᠶ᠎ᠡ + ᠠᠷᠢᠭᠤᠨ ᠴᠡᠪᠡᠷ ᠲᠣᠭᠤᠭᠠᠨ ᠭᠡᠷ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠨᠠᠨ ᠡᠵᠡᠮᠳᠡᠬᠦᠷ ᠤᠭᠰᠠᠷᠠᠬᠤ ᠪᠠᠷ ᠳᠠᠮᠵᠢᠭᠤᠯᠤᠨ᠂ ᠢᠳᠡᠭᠡᠨ ᠬᠢᠬᠦ ᠶᠠᠪᠤᠴᠠ ᠶᠢ ᠢᠯᠡ ᠪᠤᠯᠭᠠᠵᠦ᠂ ᠰᠤᠷᠭᠠᠭᠤᠯᠢ ᠪᠣᠯᠣᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠴᠠᠭ ᠲᠤᠬᠠᠢ ᠳᠤᠨᠢ ᠬᠢᠨᠠᠨ ᠬᠠᠮᠢᠶᠠᠷᠴᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠵᠠᠯᠠᠷᠠᠭᠤᠯᠬᠤ ᠶᠢ ᠪᠡᠶᠡᠯᠡᠭᠦᠯᠪᠡ᠃ ᠣᠳᠣᠬᠠᠨ ᠳᠤ᠂ ᠪᠥᠬᠦ ᠠᠶᠢᠮᠠᠭ ᠤᠨ ᠰᠤᠷᠭᠠᠭᠤᠯᠢ ᠶᠢᠨ ᠬᠤᠭᠤᠯᠠᠨ ᠭᠡᠷ ᠤᠨ ︽ᠢᠨᠲ᠋ᠧᠷ ᠰᠦᠯᠵᠢᠶ᠎ᠡ + ᠠᠷᠢᠭᠤᠨ ᠴᠡᠪᠡᠷ ᠲᠣᠭᠤᠭᠠᠨ ᠭᠡᠷ︾ ᠣᠨ ᠪᠦᠷᠬᠦᠴᠡ ᠶᠢᠨ ᠨᠣᠷᠮ᠎ᠠ 100%᠎ ᠳᠤ ᠬᠥᠷᠪᠡ᠃ ︽ᠨᠢᠭᠡ ᠰᠤᠷᠭᠠᠭᠤᠯᠢ ᠳᠤ ᠨᠢᠭᠡ ᠲᠠᠩᠰᠠ ᠡᠪᠬᠡᠮᠡᠯ︾ ᠎ ᠤᠨ ᠵᠠᠷᠴᠢᠮ ᠶᠣᠰᠣᠭᠠᠷ᠂ ᠰᠠᠭᠤᠷᠢ ᠮᠡᠳᠡᠭᠡ ᠵᠠᠩᠭᠢ᠂ ᠬᠢᠨᠠᠯᠲᠠ ᠲᠠᠯᠪᠢᠵᠤ ᠪᠠᠶᠢᠴᠠᠭᠠᠬᠤ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠵᠠᠰᠠᠭ ᠵᠠᠬᠢᠷᠭᠠᠨ ᠤ ᠰᠢᠢᠳᠬᠡᠯ᠂ ᠱᠠᠩᠨᠠᠵᠤ ᠲᠣᠷᠭᠠᠬᠤ ᠵᠡᠷᠭᠡ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠪᠠᠭᠲᠠᠭᠠᠭᠰᠠᠨ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠮᠡᠳᠡᠭᠳᠡᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠦᠨᠡᠨᠴᠢ ᠢᠲᠡᠭᠡᠮᠵᠢ ᠶᠢᠨ ᠬᠥᠮᠦᠵᠢᠯ ᠤᠨ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠪᠠ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号