ᠲᠠᠶᠢᠪᠤᠩ ᠵᠠᠩ ᠲᠠᠢ ᠬᠥᠮᠥᠨ ᠤ ᠳᠠᠳᠬᠠᠯ
ᠨᠡᠶᠢᠲᠡᠯᠡᠭᠰᠡᠨ ᠴᠠᠭ᠄
2024/8/9
    ᠠᠴᠢ ᠲᠤᠰᠠ ᠶᠢ ᠪᠤᠳᠤᠬᠤ᠃ ᠴᠠᠶᠢᠯᠭᠠᠨ ᠰᠡᠳᠬᠢᠯ ᠲᠠᠢ ᠬᠥᠮᠥᠨ ᠬᠡᠵᠢᠶᠡᠳᠡ ᠠᠵᠠ ᠵᠢᠷᠭᠠᠯ ᠲᠠᠢ᠂ ᠠᠴᠢ ᠶᠢ ᠮᠡᠳᠡᠳᠡᠭ ᠬᠥᠮᠥᠨ ᠬᠡᠵᠢᠶᠡᠳᠡ ᠵᠣᠯ ᠵᠢᠷᠭᠠᠯ ᠲᠠᠢ ᠭᠡᠳᠡᠭ᠃ ᠪᠤᠰᠤᠳ ᠤᠨ ᠠᠴᠢ ᠲᠤᠰᠠ ᠶᠢ ᠮᠡᠳᠡᠬᠦ ᠪᠣᠯ ᠠᠮᠢᠳᠤᠷᠠᠯ ᠤᠨ ᠨᠢᠭᠡ ᠵᠦᠢᠯ ᠤᠨ ᠣᠪᠣᠷ ᠮᠥᠨ᠂ ᠲᠡᠷᠡ ᠨᠢ ᠪᠢᠳᠠᠨ ᠢ ᠠᠮᠢᠳᠤᠷᠠᠯ ᠳᠤ ᠬᠠᠶᠢᠷᠠᠲᠠᠢ ᠬᠦᠰᠡᠯ ᠮᠥᠷᠥᠭᠡᠳᠦᠯ ᠲᠠᠢ ᠪᠣᠯᠭᠠᠳᠠᠭ᠃           ᠠᠭᠤᠵᠢᠭᠤ ᠲᠠᠶᠢᠪᠤᠭᠤ ᠪᠠᠶᠢᠬᠤ᠃ ᠬᠥᠮᠥᠨ ᠤ ᠠᠮᠢᠳᠤᠷᠠᠯ ᠶᠡᠷᠦᠨᠢ ᠥᠭᠡᠳᠡ ᠲᠠᠢ ᠤᠷᠤᠭᠤ ᠲᠠᠢ ᠪᠠᠶᠢᠳᠠᠭ᠃ ᠪᠢᠳᠡ ᠪᠤᠰᠤᠳ ᠢ ᠥᠭᠡᠷᠡᠴᠢᠯᠡᠵᠦ ᠴᠢᠳᠠᠬᠤ ᠦᠭᠡᠢ ᠪᠠᠶᠢᠵᠤ ᠮᠠᠭᠠᠳ᠂ ᠬᠠᠷᠢᠨ ᠥᠪᠡᠷ ᠤᠨ ᠰᠡᠳᠬᠢᠯ ᠰᠠᠨᠠᠭ᠎ᠠ ᠪᠠᠨ ᠡᠵᠡᠮᠳᠡᠵᠦ ᠰᠤᠷᠬᠤ ᠬᠡᠷᠡᠭᠲᠡᠢ ᠶᠤᠮ᠃ ᠰᠡᠳᠬᠢᠯ ᠰᠠᠨᠠᠭ᠎ᠠ ᠪᠠᠨ ᠠᠭᠤᠵᠢᠭᠤ ᠲᠠᠶᠢᠪᠤᠭᠤᠬᠠᠨ ᠪᠠᠶᠢᠯᠭᠠᠪᠠᠯ ᠰᠠᠶ᠋ᠢ ᠭᠤᠨᠢᠭ ᠪᠤᠬᠢᠨᠢᠳᠤᠯ ᠲᠠᠨ ᠠᠴᠠ ᠬᠤᠯᠠᠳᠠᠵᠤ ᠪᠠᠶᠢᠳᠠᠭ᠃           ᠳᠤᠲᠠᠭᠤ ᠠᠲᠠᠭᠠᠷᠬᠠᠬᠤ᠃ ᠠᠮᠢᠳᠤᠷᠠᠯ ᠳᠤ ᠶᠡᠷᠦᠨᠢ ᠣᠯᠠᠩᠬᠢ ᠦᠶ᠎ᠡ ᠳᠤ ᠪᠤᠬᠢᠨᠢᠳᠤᠯ ᠢ ᠥᠪᠡᠷ ᠢᠶᠠᠨ ᠡᠷᠢᠵᠦ᠂ ᠵᠣᠪᠠᠨᠢᠯ ᠢ ᠥᠪᠡᠷ ᠲᠡᠭᠡᠨ ᠬᠤᠴᠤᠷᠣᠭᠠᠳᠠᠭ᠃ ᠦᠨᠡᠨ ᠳᠡᠭᠡᠨ ᠵᠠᠷᠢᠮ ᠤᠴᠢᠷ ᠶᠠᠪᠤᠳᠠᠯ ᠰᠠᠨᠠᠭᠰᠠᠨ ᠰᠢᠭ᠋ ᠲᠡᠶᠢᠮᠦ ᠪᠤᠳᠤᠯᠢᠶᠠᠨᠲᠠᠢ ᠪᠢᠰᠢ᠂ ᠭᠡᠪᠡᠴᠦ ᠥᠪᠡᠷ ᠢᠶᠠᠨ ᠬᠡᠲᠦᠷᠬᠡᠢ ᠢᠯᠡᠭᠦᠦ ᠮᠥᠴᠡᠭᠡᠷᠬᠡᠵᠦ ᠠᠲᠠᠭᠠᠷᠬᠠᠭᠰᠠᠨ ᠠᠴᠠ ᠪᠣᠯᠣᠭᠠᠳ ᠪᠡᠶ᠎ᠡ ᠪᠠᠨ ᠵᠣᠪᠠᠭᠠᠳᠠᠭ ᠶᠤᠮ᠃           ᠬᠡᠵᠢᠶᠡᠳᠡ ᠥᠪᠡᠷ ᠢᠶᠠᠷ ᠢᠶᠠᠨ ᠪᠠᠶᠢᠬᠤ᠃ ᠠᠮᠵᠢᠯᠲᠠ ᠳᠤ ᠪᠠᠷᠳᠠᠮᠨᠠᠬᠤ ᠦᠭᠡᠢ᠂ ᠢᠯᠠᠭᠳᠠᠯ ᠳᠤ ᠴᠥᠬᠦᠷᠡᠬᠦ ᠦᠭᠡᠢ ᠪᠠᠶᠢᠬᠤ ᠪᠣᠯ ᠬᠠᠮᠤᠭ ᠤᠨ ᠴᠢᠬᠤᠯᠠ ᠶᠤᠮ᠃         ᠪᠠᠷᠢᠮᠲᠠᠯᠠᠬᠤ ᠶᠢᠨ ᠭᠠᠶᠢᠬᠠᠮᠰᠢᠭ ᠲᠤ ᠢᠲᠡᠭᠡᠬᠦ᠃ ᠬᠠᠮᠤᠭ ᠤᠨ ᠵᠣᠯ ᠵᠢᠷᠭᠠᠯᠲᠠᠢ ᠠᠮᠢᠳᠤᠷᠠᠯ ᠪᠣᠯ᠂ ᠥᠪᠡᠷ ᠤᠨ ᠪᠠᠷᠢᠮᠲᠠᠯᠠᠯ ᠪᠠ ᠴᠢᠷᠮᠠᠶᠢᠯᠭ᠎ᠠ ᠪᠠᠷ ᠢᠶᠠᠨ ᠰᠠᠨᠠᠭᠰᠠᠨ ᠢᠶᠠᠨ ᠪᠡᠶᠡᠯᠡᠭᠦᠯᠬᠦ ᠶᠠᠪᠤᠳᠠᠯ ᠪᠣᠯᠣᠨ᠎ᠠ᠃ ᠡᠶᠢᠮᠦ  ᠠᠴᠠ ᠬᠠᠮᠢᠭ᠎ᠠ ᠶᠠᠭᠤ ᠬᠢᠵᠦ ᠪᠠᠶᠢᠰᠬᠠᠨ ᠴᠦ ᠰᠠᠨᠠᠭᠰᠠᠨ ᠢᠶᠠᠨ ᠪᠡᠶᠡᠯᠡᠭᠦᠯᠬᠦ ᠶᠢᠨ ᠲᠥᠯᠥᠭᠡ ᠰᠠᠭᠠᠷᠠᠰᠢ ᠦᠭᠡᠢ ᠵᠣᠷᠢᠭ ᠢᠶᠠᠷ ᠵᠢᠳᠬᠦᠬᠦ ᠯᠠ ᠴᠢᠬᠤᠯᠠ ᠶᠤᠮ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号