2024 ᠤᠨ ᠤ ᠨᠠᠮᠦᠷ ᠤᠨ ᠤᠯᠠᠷᠢᠯ ᠤᠨ ᠬᠠᠳᠤᠯᠠᠩ ᠬᠠᠳᠤᠬᠤ  ᠠᠵᠢᠯ  ᠢ  ᠰᠠᠶᠢᠳᠤᠷ  ᠬᠢᠭᠦ  ᠲᠤᠬᠠᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ  ᠵᠠᠷᠯᠠᠯ
ᠨᠡᠶᠢᠲᠡᠯᠡᠭᠰᠡᠨ ᠴᠠᠭ᠄
2024/8/9
                             4  ᠳ᠋ᠤᠭᠡᠷ ᠲᠤᠭᠠᠳᠤ     ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠢ ᠶᠢ ᠡᠩ ᠲᠡᠷᠢᠭᠦᠨ ᠳᠤ ᠲᠠᠯᠪᠢᠬᠤ᠂ ᠪᠤᠬᠢᠷᠳᠤᠯ ᠦᠭᠡᠢ ᠭᠦᠭᠵᠢᠭᠦᠯᠭᠦ︾ ᠤᠶᠢᠯᠠᠭᠠᠭᠳᠠᠬᠤᠨ ᠢ ᠭᠦᠨᠵᠡᠭᠡᠢ ᠤᠶᠢᠯᠠᠳᠦᠯᠭᠡᠵᠢᠭᠦᠯᠦᠨ᠂ ᠲᠠᠯ᠎ᠠ ᠨᠤᠳᠤᠭ ᠤᠨ ᠡᠬᠢ ᠪᠠᠶᠠᠯᠢᠭ ᠢ ᠵᠤᠬᠢᠰᠳᠠᠢ ᠠᠰᠢᠭᠯᠠᠵᠤ᠂ ᠠᠮᠢ ᠠᠬᠤᠢ ᠶᠢ ᠬᠠᠮᠠᠭᠠᠯᠠᠬᠤ ᠤᠬᠠᠮᠰᠠᠷ ᠢᠶᠠᠨ ᠦᠨᠡᠨᠬᠦ ᠲᠡᠭᠡᠭᠰᠢᠯᠡᠭᠦᠯᠦᠨ᠂ ᠦᠨᠦ ᠡᠪᠤᠯ ᠳᠠᠷᠠᠭ᠎ᠠ ᠬᠠᠪᠤᠷ ᠤᠨ ᠮᠠᠯ ᠤᠨ ᠮᠡᠨᠳᠤ ᠤᠨᠳᠤᠷᠤᠯᠳᠠ ᠶᠢᠨ ᠪᠡᠯᠡᠳᠭᠡᠯ ᠠᠵᠢᠯ ᠵᠢᠴᠢ 2025 ᠤᠨ ᠤ ᠬᠠᠪᠤᠷ ᠤᠨ ᠤᠯᠠᠷᠢᠯ  ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠭᠦ ᠳᠤ ᠭᠡᠷᠡᠭᠰᠡᠭᠦ ᠡᠪᠡᠰᠦ ᠪᠤᠷᠳᠤᠭ᠎ᠠ ᠨᠦᠭᠡᠴᠡᠯᠡᠭᠦ ᠠᠵᠢᠯ ᠢ ᠪᠦᠳᠦᠮᠵᠢᠳᠠᠢ ᠰᠠᠶᠢᠳᠤᠷ ᠬᠢᠵᠦ᠂ ᠭᠠᠮᠰᠢᠭ ᠢ ᠰᠡᠷᠭᠡᠶᠢᠯᠡᠵᠤ ᠬᠤᠬᠢᠷᠠᠯ ᠢ ᠪᠠᠭᠠᠰᠬᠠᠬᠤ ᠴᠢᠳᠠᠪᠤᠷᠢ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠭᠦ ᠶᠢᠨ ᠲᠤᠯᠠᠳᠠ᠂ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠠᠯ᠎ᠠ ᠨᠤᠳᠤᠭ ᠤᠨ ᠬᠠᠤᠯᠢ︾᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠤᠰᠤᠨ ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ︾᠂ ︽ᠰᠢᠯᠢ ᠶᠢᠨ ᠭᠤᠣᠯ ᠠᠶᠢᠮᠠᠭ ᠤᠨ ᠪᠠᠶᠢᠭᠠᠯᠢᠯᠢᠭ ᠬᠠᠳᠤᠯᠠᠩ ᠪᠡᠯᠴᠢᠭᠡᠷ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ᠪᠠ ︽ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠳᠠ ᠶᠢᠨ ᠠᠷᠭ᠎ᠠ︾ ᠵᠢᠴᠢ ᠳᠡᠭᠡᠳᠦ ᠱᠠᠳᠤᠨ ᠤ ᠠᠵᠢᠯ ᠤᠨ ᠱᠠᠭᠠᠷᠳᠠᠯᠭ᠎ᠠ ᠶᠢ ᠦᠨᠳᠤᠰᠦᠯᠠᠵᠤ᠂ ᠮᠠᠨ ᠤ ᠬᠤᠰᠢᠭᠤᠨ ᠤ ᠪᠠᠨ ᠪᠤᠳᠠᠳᠠᠢ ᠲᠠᠢ ᠤᠶᠠᠯᠳᠤᠭᠤᠯᠤᠨ᠂ ᠨᠠᠮᠤᠷ ᠤᠨ ᠤᠯᠠᠷᠢᠯ ᠤᠨ ᠡᠪᠡᠰᠦ ᠬᠠᠳᠤᠵᠤ ᠨᠥᠭᠡᠴᠡᠯᠡᠬᠦ᠂ ᠮᠠᠯ ᠤᠨᠤᠭ᠎ᠠ ᠶᠢ ᠪᠣᠷᠣᠯᠠᠭᠤᠯᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠡᠷᠭᠡ ᠠᠵᠢᠯ ᠢ ᠦᠨᠡᠨᠬᠦ ᠰᠠᠶᠢᠲᠤᠷ ᠠᠳᠬᠤᠬᠤ ᠶᠢᠨ ᠳᠦᠯᠦᠭᠡ ᠬᠤᠯᠪᠤᠭᠳᠠᠯ ᠪᠦᠬᠦᠢ ᠶᠠᠪᠤᠳᠠᠯ ᠢ ᠲᠤᠤᠷ᠎ᠠ ᠵᠠᠷᠯᠠᠶ᠎ᠠ᠄     ᠨᠢᠭᠡ᠂ ᠬᠠᠳᠤᠯᠠᠩ ᠬᠠᠳᠤᠬᠤ ᠴᠠᠭ ᠬᠤᠭᠤᠴᠠᠭ᠎ᠠ     ᠮᠠᠨ ᠤ ᠬᠤᠰᠢᠭᠤᠨ ᠤ ᠠᠭᠤᠷ ᠠᠮᠢᠰᠬᠤᠯ ᠤᠨ ᠨᠦᠬᠦᠴᠡᠯ᠂ ᠪᠡᠯᠴᠢᠭᠡᠷ ᠡᠪᠡᠰᠦᠨ ᠤ ᠤᠷᠭᠤᠴᠠ ᠵᠡᠷᠭᠡ ᠭᠦᠴᠦᠨ ᠵᠤᠶᠢᠯ ᠢ ᠭᠦᠢᠴᠡᠳ ᠪᠤᠳᠤᠯᠬᠢᠯᠠᠭᠰᠠᠨ ᠰᠠᠭᠤᠷᠢᠨ ᠲᠡᠭᠡᠷ᠎ᠡ᠂ ᠦᠨᠳᠦᠰᠦᠨ ᠱᠠᠲᠤᠨ ᠤ ᠰᠠᠨᠠᠯ ᠢ ᠥᠷᠭᠡᠨ ᠢᠶᠠᠷ ᠬᠤᠷᠢᠶᠠᠬᠤ ᠶᠢᠨ ᠬᠠᠮᠲᠤ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠰᠤᠳᠤᠯᠤᠨ ᠶᠠᠷᠢᠯᠴᠠᠬᠤ  ᠪᠠᠷ ᠲᠠᠮᠵᠢᠨ᠂ ᠦᠨᠥ ᠵᠢᠯ ᠤᠨ ᠨᠠᠮᠤᠷ ᠤᠨ ᠤᠯᠠᠷᠢᠯ ᠤᠨ ᠬᠠᠳᠤᠯᠠᠩ ᠬᠠᠳᠤᠬᠤ ᠴᠠᠭ ᠬᠤᠭᠤᠴᠠᠭ᠎ᠠ ᠶᠢ 2024 ᠣᠨ ᠤ 8 ᠰᠠᠷ᠎ᠠ ᠶᠢᠨ 20 ᠤ ᠡᠳᠦᠷ ᠠᠴᠠ ᠡᠬᠢᠯᠡᠭᠦ ᠪᠠᠷ ᠲᠤᠭᠳᠠᠵᠤ᠂ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠲᠤᠭᠳᠠᠭᠰᠠᠨ ᠴᠠᠭ ᠬᠤᠭᠤᠴᠠᠭ᠎ᠠ ᠠᠴᠠ ᠡᠮᠦᠨ᠎ᠠ ᠡᠪᠡᠰᠦ ᠬᠠᠳᠤᠬᠤ ᠶᠢ ᠴᠠᠭᠠᠵᠠᠯᠠᠨ᠎ᠠ᠃     ᠬᠤᠶᠠᠷ᠂ ᠬᠠᠳᠤᠯᠠᠩ ᠬᠠᠳᠤᠬᠤ ᠲᠦᠷᠢᠮ ᠢ ᠴᠢᠩᠭ᠎ᠠ ᠵᠢᠷᠤᠮᠯᠠᠬᠤ ᠭᠡᠷᠡᠭᠲᠡᠢᠡᠯ᠎ᠡ ᠬᠠᠳᠤᠯᠠᠩ ᠬᠠᠳᠤᠵᠤ ᠨᠦᠭᠡᠴᠡᠯᠡᠭᠦ ᠨᠢᠭᠡᠴᠠ ᠪᠠ ᠬᠤᠪᠢ ᠡᠷᠦᠬᠡ ᠨᠢ ︽ᠪᠠᠷᠠᠭᠤᠨ ᠦᠵᠦᠮᠦᠴᠢᠨ ᠬᠤᠰᠢᠭᠤᠨ  ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠳᠠ ᠶᠢᠨ ᠠᠷᠭ᠎ᠠ︾ ᠶᠢᠨ ᠲᠤᠭᠳᠠᠭᠠᠯ ᠳᠠᠬᠢ ᠬᠠᠳᠤᠯᠠᠩ ᠬᠠᠳᠤᠬᠤ ᠲᠦᠷᠢᠮ ᠶᠤᠰᠤᠭᠠᠷ ᠡᠪᠡᠰᠦ ᠬᠠᠳᠤᠵᠤ ᠨᠦᠭᠡᠴᠡᠯᠡᠭᠦ ᠭᠡᠷᠡᠭᠲᠡᠢ᠃    ︵ᠨᠢᠭᠡ︶ ᠡᠭᠡᠯᠵᠢᠯᠡᠨ ᠬᠠᠳᠤᠬᠤ ᠨᠦᠭᠦᠴᠡᠯ ᠢ ᠪᠦᠷᠢᠯᠳᠦᠭᠦᠯᠦᠭᠰᠡᠨ ᠬᠠᠳᠤᠯᠠᠩ ᠤᠨ ᠲᠠᠯᠠᠪᠠᠢ ᠳᠤ ᠲᠦᠷᠪᠡᠨ ᠲᠤᠭᠤᠷᠢᠭ ᠢ ᠲᠦᠷᠪᠡᠨ ᠵᠢᠯ ᠡᠭᠡᠯᠵᠢᠯᠠᠨ ᠬᠠᠳᠤᠬᠤ ᠪᠤᠶᠤ ᠲᠠᠪᠤᠨ ᠲᠤᠭᠤᠷᠢᠭ ᠢ ᠲᠠᠪᠤᠨ ᠵᠢᠯ ᠡᠭᠡᠯᠵᠢᠯᠡᠨ ᠬᠠᠳᠤᠬᠤ ᠲᠦᠷᠢᠮ ᠢ ᠭᠡᠷᠡᠭᠵᠢᠭᠦᠯᠵᠤ᠂ ᠵᠢᠯ ᠪᠤᠯᠭᠠᠨ ᠠᠳᠠᠭ ᠪᠠᠭ᠎ᠠ ᠳᠠᠭᠠᠨ ᠨᠢᠭᠡ ᠲᠤᠭᠤᠷᠢᠭ ᠢ ᠨᠢ ᠦᠯᠡᠳᠡᠭᠡᠭᠦ ᠭᠡᠷᠡᠭᠲᠡᠢ᠃    ︵ᠬᠤᠶᠠᠷ︶ ᠡᠭᠡᠯᠵᠢᠯᠡᠨ ᠬᠠᠳᠤᠬᠤ ᠨᠦᠭᠦᠴᠡᠯ ᠦᠭᠡᠢ ᠪᠤᠯ᠂ 300 ᠮᠧᠲᠷ ᠦᠷᠭᠡᠨ ᠬᠠᠳᠤᠬᠤ ᠪᠦᠷᠢ 20 ᠮᠧᠲᠷ ᠠᠴᠠ ᠳᠡᠭᠡᠭᠰᠢ ᠦᠷᠭᠡᠨ ᠡᠪᠡᠰᠦᠨ ᠦᠷ᠎ᠠ ᠶᠢᠨ ᠪᠦᠰᠠ ᠦᠯᠡᠳᠡᠭᠡᠭᠦ ᠭᠡᠷᠡᠭᠲᠡᠢ᠃    ︵ᠭᠤᠷᠪᠠ︶ ᠬᠠᠳᠤᠯᠠᠩ ᠤᠨ ᠭᠠᠵᠠᠷ ᠤᠨ ᠬᠦᠷᠦᠰᠦ ᠰᠢᠷᠤᠢ᠂ ᠤᠰᠤ ᠴᠢᠬᠢᠭ ᠢ ᠬᠠᠮᠠᠭᠠᠯᠠᠬᠤ ᠶᠢᠨ ᠳᠦᠯᠦᠭᠡ᠂ ᠡᠪᠡᠰᠤ ᠬᠠᠳᠤᠬᠤ ᠳᠠᠭᠠᠨ ᠬᠡᠳᠤ ᠬᠠᠳᠤᠵᠦ ᠬᠠᠮᠤᠬᠤ ᠶᠢ ᠴᠠᠭᠠᠵᠠᠯᠠᠵᠦ᠂ ᠲᠤᠭᠤᠷᠢᠭ ᠭᠡᠯᠪᠡᠷᠢ ᠶᠢᠨ ᠡᠪᠡᠰᠦ ᠬᠠᠮᠤᠬᠤ ᠮᠠᠰᠢᠨ ᠢ ᠭᠡᠷᠡᠭᠯᠡᠭᠦ ᠶᠢ ᠴᠠᠭᠠᠵᠠᠯᠠᠨ᠎ᠠ᠃ ᠡᠪᠡᠰᠦ ᠬᠠᠳᠤᠬᠤ ᠦᠶᠡᠰ ᠡᠪᠡᠰᠦᠨ ᠤ ᠦᠨᠳᠦᠷ ᠤᠨ ᠬᠡᠮᠵᠢᠶ᠎ᠡ ᠶᠢ 6 ᠰᠨᠨᠲ᠋ᠢᠮᠧᠲᠷ ᠠᠴᠠ ᠲᠡᠭᠡᠭᠰᠢ ᠦᠯᠡᠳᠡᠭᠡᠭᠦ ᠬᠡᠷᠡᠭᠲᠡᠢ᠃    ︵ᠲᠦᠷᠪᠡ︶ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠨᠢ 30% ᠠᠴᠠ ᠳᠤᠷᠤᠭᠰᠢ ᠪᠤᠶᠤ ᠡᠪᠡᠰᠦᠨ ᠤ ᠳᠤᠮᠳᠠᠴᠢ ᠦᠨᠳᠦᠷ ᠤᠨ ᠬᠡᠮᠵᠢᠶ᠎ᠡ ᠨᠢ 15 ᠰᠨᠨᠲ᠋ᠢᠮᠧᠲᠷ ᠠᠴᠠ ᠳᠤᠷᠤᠭᠰᠢ᠂ ᠬᠠᠭᠤᠷᠠᠢ ᠡᠪᠡᠰᠦᠨ ᠤ ᠭᠠᠷᠤᠯᠳᠠ  ᠶᠢᠨ ᠬᠡᠮᠵᠢᠶ᠎ᠡ ᠨᠢ ᠮᠤ᠋ ᠪᠦᠷᠢ 30 ᠺᠢᠯᠤᠭ᠍ᠷᠠᠮ ᠠᠴᠠ ᠳᠤᠷᠤᠭᠰᠢ ᠬᠠᠳᠤᠯᠠᠩ ᠢ ᠬᠠᠳᠤᠬᠤ ᠶᠢ ᠴᠠᠭᠠᠵᠠᠯᠠᠨ᠎ᠠ᠃    ᠭᠤᠷᠪᠠ᠂ ᠪᠤᠰᠤᠳ ᠱᠠᠭᠠᠷᠳᠠᠯᠭ᠎ᠠ    ︵ᠨᠢᠭᠡ︶ ᠬᠠᠳᠤᠯᠠᠩ ᠪᠡᠯᠴᠢᠭᠡᠷ ᠲᠤ ᠤᠷᠤᠬᠤ ᠵᠦᠬᠡᠬᠡᠪᠦᠷᠢ ᠶᠢᠨ ᠳᠡᠷᠬᠡ ᠤᠨᠤᠭ᠎ᠠ ᠨᠢ ᠲᠣᠭᠲᠠᠭᠰᠠᠨ ᠵᠠᠮ ᠱᠤᠭᠤᠮ ᠢ ᠴᠢᠩᠭ᠎ᠠ ᠵᠢᠷᠤᠮᠯᠠᠨ ᠶᠠᠪᠤᠵᠦ᠂ 20 ᠳᠤᠨ ᠠᠴᠠ ᠳᠡᠬᠡᠭᠰᠢᠬᠢ ᠳᠤᠮᠤ ᠬᠡᠯᠪᠡᠷᠢ ᠶᠢᠨ ᠵᠦᠬᠡᠬᠡᠪᠦᠷᠢ ᠶᠢᠨ ᠳᠡᠷᠬᠡ ᠬᠠᠳᠤᠯᠠᠩ ᠤᠨ ᠲᠠᠯᠠᠪᠠᠢ ᠳᠤ ᠤᠷᠤᠬᠤ ᠶᠢ ᠴᠢᠩᠭ᠎ᠠ ᠴᠠᠭᠠᠵᠠᠯᠠᠨ᠎ᠠ᠃    ︵ᠬᠤᠶᠠᠷ︶ ᠲᠠᠯᠬᠢᠭᠳᠠᠯ ᠤᠨ ᠴᠢᠨᠠᠷᠳᠠᠢ ᠬᠠᠳᠤᠯᠠᠩ ᠬᠠᠳᠤᠬᠤ ᠠᠵᠢᠯᠯᠠᠭ᠎ᠠ ᠶᠢ ᠴᠠᠭᠠᠵᠠᠯᠠᠨ᠂ ᠬᠠᠳᠤᠯᠠᠩ ᠬᠠᠳᠤᠬᠤ ᠱᠠᠭᠠᠷᠳᠠᠯᠭ᠎ᠠ ᠶᠢ ᠴᠢᠩᠭ᠎ᠠ ᠭᠡᠷᠡᠭᠵᠢᠭᠦᠯᠦᠨ᠎ᠠ᠃ ᠬᠠᠳᠤᠯᠠᠩ ᠬᠠᠳᠤᠬᠤ ᠳᠤ ᠡᠷᠭᠡᠪᠰᠢ ︽ᠪᠠᠷᠠᠭᠤᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠳᠠ ᠶᠢᠨ ᠠᠷᠭ᠎ᠠ︾ ᠶᠢᠨ ᠬᠤᠯᠪᠤᠭᠳᠠᠯ ᠪᠦᠭᠦᠢ ᠲᠤᠭᠳᠠᠭᠠᠯ ᠢ ᠴᠢᠩᠭ᠎ᠠ ᠵᠢᠷᠤᠮᠯᠠᠵᠤ᠂ ᠡᠪᠡᠰᠦ ᠪᠡᠯᠴᠢᠭᠡᠷ ᠰᠡᠷᠭᠦᠵᠤ ᠲᠡᠶᠢᠯᠭᠦ ᠦᠭᠡᠢ ᠠᠴᠠ ᠪᠤᠯᠵᠤ ᠤᠷᠭᠤᠮᠠᠯ  ᠤᠨ ᠪᠦᠷᠭᠦᠴᠠ ᠵᠢᠯ ᠲᠠᠷᠠᠭᠠᠯᠠᠨ ᠮᠠᠭᠤᠳᠠᠬᠤ ᠠᠴᠠ ᠵᠠᠶᠢᠯᠠᠰᠬᠢᠨ᠎ᠠ᠃    ︵ᠭᠤᠷᠪᠠ︶ ᠭᠠᠴᠠᠭ᠎ᠠ ᠠᠴᠠ ᠡᠷᠦᠬᠡ ᠳᠤ ᠳᠠᠭᠠᠭᠠᠴᠢᠯᠠᠭᠤᠯᠤᠭᠰᠠᠨ ᠦᠭᠡᠢ ᠬᠠᠮᠲᠤ ᠶᠢᠨ ᠬᠠᠳᠤᠯᠠᠩ ᠵᠢᠴᠢ ᠡᠷᠦᠬᠡ ᠳᠤ ᠳᠠᠭᠠᠭᠠᠴᠢᠯᠠᠭᠤᠯᠤᠭᠰᠠᠨ ᠬᠠᠳᠤᠯᠠᠩ ᠢ ᠮᠠᠯᠵᠢᠬᠤ ᠡᠷᠦᠬᠡ ᠦᠪᠡᠷᠳᠡᠭᠡᠨ ᠬᠠᠳᠤᠵᠦ ᠨᠦᠭᠡᠴᠡᠯᠡᠨ᠂ ᠬᠤᠰᠢᠭᠤᠨ ᠤ ᠭᠠᠳᠠᠨᠠᠬᠢ ᠠᠵᠤ ᠠᠬᠤᠶᠢᠯᠠᠯ ᠪᠤᠶᠤ ᠬᠤᠪᠢ ᠬᠥᠮᠥᠨ ᠳᠤ ᠬᠠᠳᠤᠯᠠᠩ ᠪᠡᠯᠴᠢᠭᠡᠷ ᠵᠢᠴᠢ ᠡᠪᠡᠰᠦ ᠪᠣᠷᠳᠤᠭ᠎ᠠ ᠶᠢ ᠦᠨ᠎ᠡ ᠬᠠᠶᠠᠨ ᠬᠤᠳᠠᠯᠳᠤᠬᠤ ᠶᠢ ᠴᠠᠭᠠᠵᠠᠯᠠᠨ᠎ᠠ᠃ ᠡᠪᠡᠰᠦ ᠪᠣᠷᠳᠤᠭ᠎ᠠ ᠪᠠᠨ ᠭᠠᠴᠠᠭᠠᠨ ᠳᠤᠳᠤᠷ᠎ᠠ ᠪᠠᠨ ᠪᠤᠶᠤ ᠰᠤᠮᠤ ᠪᠠᠯᠭᠠᠰᠤᠨ ᠳᠤᠳᠤᠷ᠎ᠠ ᠪᠠᠨ ᠨᠥᠭᠡᠴᠡᠯᠡᠵᠦ ᠬᠠᠳᠠᠭᠠᠯᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠲᠣᠰ ᠬᠤᠰᠢᠭᠤᠨ ᠤ ᠳᠣᠲᠣᠷ᠎ᠠ ᠪᠠᠨ ᠲᠣᠬᠢᠷᠠᠭᠤᠯᠤᠨ ᠬᠤᠳᠠᠯᠳᠤᠵᠤ ᠪᠣᠯᠣᠨ᠎ᠠ᠃ ᠡᠪᠡᠰᠦ ᠪᠣᠷᠳᠤᠭ᠎ᠠ ᠬᠤᠳᠠᠯᠳᠤᠭᠰᠠᠨ ᠪᠠᠶᠢᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ᠂ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠲᠠᠢ ᠬᠤᠯᠪᠤᠭᠳᠠᠭᠤᠯᠤᠨ᠎ᠠ᠃ ᠬᠡᠷᠪᠡ ᠬᠤᠰᠢᠭᠤᠨ ᠠᠴᠠ ᠭᠠᠳᠠᠭᠰᠢ ᠡᠪᠡᠰᠦ ᠪᠤᠷᠤᠯᠠᠭᠤᠯᠤᠭᠰᠨ ᠮᠠᠯᠵᠢᠬᠤ ᠡᠷᠦᠬᠡ ᠶᠢ ᠣᠯᠵᠤ ᠮᠡᠳᠡᠪᠡᠯ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠪᠠᠭᠠᠰᠬᠠᠨ᠎ᠠ  ᠃     ︵ᠳᠦᠷᠪᠡ︶ ᠡᠯ᠎ᠡ ᠰᠤᠮᠤ ᠪᠠᠯᠭᠠᠰᠤ ᠨᠢ ᠦᠨᠥ ᠡᠪᠦᠯ ᠵᠢᠴᠢ ᠢᠷᠡᠬᠦ ᠬᠠᠪᠤᠷ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠤ ᠡᠪᠡᠰᠦ ᠪᠣᠷᠳᠤᠭ᠎ᠠ ᠨᠦᠭᠡᠴᠡᠯᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠬᠠᠷᠢᠶᠠᠲᠤ ᠣᠷᠣᠨ ᠤ ᠣᠯᠠᠨ ᠲᠦᠮᠡᠨ ᠢ ᠳᠠᠶᠢᠴᠢᠯᠠᠨ᠂ ᠡᠯ᠎ᠡ ᠲᠥᠷᠥᠯ ᠤᠨ ᠡᠪᠡᠰᠦ ᠪᠣᠷᠳᠤᠭ᠎ᠠ ᠶᠢ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠮᠠᠯᠵᠢᠬᠤ ᠡᠷᠦᠬᠡ ᠡᠪᠡᠰᠦ ᠪᠠᠨ ᠬᠤᠰᠢᠭᠤᠨ ᠠᠴᠠ ᠭᠠᠳᠠᠭᠰᠢ ᠪᠤᠷᠤᠯᠠᠭᠤᠯᠬᠤ ᠦᠭᠡᠢ ᠪᠠᠶᠢᠬᠤ ᠶᠢ ᠢᠳᠡᠪᠬᠢᠳᠡᠢ ᠤᠬᠠᠭᠤᠯᠤᠨ ᠵᠢᠯᠣᠭᠤᠳᠤᠨ᠎ᠠ᠃ ᠡᠷᠦᠬᠡ ᠪᠦᠷᠢ 315kg/ ᠬᠤᠨᠢᠴᠢᠯᠠᠭᠰᠠᠨ ᠨᠢᠭᠡᠴᠢ ︵210 ᠡᠳᠦᠷ ᠬᠠᠰᠢᠶᠠᠯᠠᠨ ᠲᠡᠵᠢᠭᠡᠬᠦ ᠪᠠᠷ ᠪᠤᠳᠤᠨ᠎ᠠ︶ ᠶᠢᠨ ᠪᠠᠷᠢᠮᠵᠢᠶ᠎ᠠ ᠪᠠᠷ ᠡᠪᠡᠰᠦ ᠪᠣᠷᠳᠤᠭ᠎ᠠ ᠪᠠᠨ ᠨᠥᠭᠡᠴᠡᠯᠡᠵᠦ᠂ ᠦᠨᠥ ᠡᠪᠦᠯ ᠢᠷᠡᠬᠦ ᠬᠠᠪᠤᠷ ᠤᠨ ᠡᠪᠡᠰᠦ ᠪᠣᠷᠳᠤᠭ᠎ᠠ ᠪᠠᠨ ᠭᠦᠢᠴᠡᠳ ᠨᠥᠭᠡᠴᠡᠯᠡᠬᠦ ᠶᠢ ᠪᠠᠲᠤᠯᠠᠨ᠎ᠠ᠃    ︵ᠲᠠᠪᠤ︶ ᠡᠯ᠎ᠡ ᠮᠠᠯᠵᠢᠬᠤ ᠡᠷᠦᠬᠡ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠤᠨ ᠲᠤᠭ᠎ᠠ ᠲᠣᠯᠣᠭᠠᠢ ᠶᠢ ᠴᠢᠩᠭ᠎ᠠ ᠬᠢᠵᠠᠭᠠᠷᠯᠠᠨ᠂ ᠳᠠᠭᠠᠭᠠᠴᠠ ᠠᠴᠠ ᠬᠡᠲᠦᠷᠡᠭᠦᠯᠦᠨ ᠮᠠᠯᠵᠢᠵᠤ ᠪᠠᠶᠢᠭ᠎ᠠ ᠮᠠᠯᠵᠢᠬᠤ ᠡᠷᠦᠬᠡ ᠳᠤ ᠳᠡᠭᠡᠳᠦ ᠱᠠᠲᠤᠨ ᠤ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠵᠣᠭᠰᠤᠭᠠᠬᠤ ᠪᠤᠶᠤ ᠰᠠᠭᠤᠯᠭᠠᠨ ᠠᠪᠤᠨ᠎ᠠ᠃    ︵ᠵᠢᠷᠭᠤᠭ᠎ᠠ︶ ᠡᠪᠡᠰᠦ ᠬᠠᠳᠤᠵᠤ ᠬᠠᠳᠠᠭᠠᠯᠠᠬᠤ ᠠᠵᠢᠯ ᠤᠨ ᠬᠤᠭᠤᠴᠠᠭᠠᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠭᠠᠯ ᠬᠡᠷᠡᠭᠯᠡᠬᠦ ᠶᠢ ᠴᠠᠭᠠᠵᠠᠯᠠᠨ ᠂ ᠭᠠᠯ ᠰᠡᠷᠭᠡᠶᠢᠯᠡᠬᠦ ᠲᠥᠬᠦᠭᠡᠷᠦᠮᠵᠢ ᠤᠭᠰᠠᠷᠠᠭᠰᠠᠨ ᠦᠭᠡᠢ ᠮᠠᠰᠢᠨ ᠲᠡᠷᠭᠡ ᠶᠢ ᠵᠢᠯᠤᠭᠤᠳᠤᠨ ᠬᠠᠳᠤᠯᠠᠩ ᠪᠡᠯᠴᠢᠭᠡᠷ ᠲᠤ ᠤᠷᠤᠬᠤ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠬᠡᠷᠡᠭᠲᠡᠢ᠃    ︵ᠳᠣᠯᠤᠭ᠎ᠠ︶ ᠬᠤᠭ ᠨᠣᠪᠰᠢ ᠶᠢ ᠰᠢᠢᠳᠪᠦᠷᠢᠯᠡᠬᠦ ᠶᠢ ᠳᠦᠷᠢᠮᠵᠢᠬᠦᠯᠵᠦ᠂ ᠬᠠᠳᠤᠯᠠᠩ ᠪᠡᠯᠴᠢᠭᠡᠷ ᠲᠤ ᠣᠷᠣᠵᠤ ᠠᠵᠢᠯᠯᠠᠭᠰᠠᠳ ᠨᠢ ᠡᠯ᠎ᠡ ᠲᠥᠷᠥᠯ ᠤᠨ ᠬᠤᠭ ᠨᠣᠪᠰᠢ ᠪᠠᠨ ᠰᠠᠶᠢᠳᠤᠷ ᠬᠤᠷᠢᠶᠠᠵᠦ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠶᠢ ᠴᠢᠩᠭ᠎ᠠ ᠴᠠᠭᠠᠵᠠᠯᠠᠨ᠂ ᠠᠮᠢᠳᠤᠷᠠᠯ ᠪᠠ ᠦᠢᠯᠡᠳᠪᠦᠷᠢᠯᠡᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠬᠤ ᠶᠢᠨ ᠬᠠᠮᠲᠤ ᠪᠤᠬᠢᠷᠳᠤᠯ ᠦᠭᠡᠢ ᠰᠢᠢᠳᠪᠦᠷᠢᠯᠡᠬᠦ ᠬᠡᠷᠡᠭᠲᠡᠢ᠃    ︵ᠨᠠᠢᠮᠠ︶ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠷ ᠬᠢᠨᠠᠯᠲᠠ ᠲᠠᠯᠪᠢᠬᠤ᠂ ᠭᠤᠣᠯ ᠴᠣᠭᠴᠠ ᠶᠢᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠬᠢᠨᠠᠯᠲᠠ ᠲᠠᠯᠪᠢᠬᠤ ᠬᠢᠨᠠᠨ ᠬᠠᠮᠢᠶᠠᠷᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠬᠤᠰᠢᠭᠤᠨ ᠠᠴᠠ ᠭᠠᠳᠠᠭᠰᠢ ᠡᠪᠡᠰᠦ ᠪᠣᠷᠳᠤᠭ᠎ᠠ ᠪᠤᠷᠤᠯᠠᠭᠤᠯᠬᠤ ᠦᠶᠯᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠦᠨ᠎ᠡ᠃ 24 ᠴᠠᠭ ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄     ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 0479 ︱ 3954565     ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠄ 0479 ︱ 3522507     ᠪᠠᠶᠠᠨᠬᠤᠸᠠ ᠪᠠᠯᠭᠠᠰᠤ᠄ ᠬᠠᠢ ᠱᠠᠨ 13614896268     ᠬᠤᠭᠤᠯᠠᠳᠤ ᠶᠢᠨ ᠭᠤᠣᠯ ᠪᠠᠯᠭᠠᠰᠤ᠄ ᠢᠪᠡᠭᠡᠯ 13947947755     ᠵᠢᠷ ᠤᠨ ᠭᠤᠣᠯ ᠪᠠᠯᠭᠠᠰᠤ᠄ ᠠᠯᠲᠠᠨᠪᠠᠭᠠᠨ᠎ᠠ 15047930076     ᠪᠠᠶᠠᠨᠬᠤᠰᠢᠭᠤ ᠰᠤᠮᠤ᠄ ᠰᠡᠷᠭᠦᠯᠡᠩ 13474793103     ᠭᠤᠷᠤᠬᠠᠨ ᠪᠠᠯᠭᠠᠰᠤ᠄ ᠸᠠᠩ ᡁᠢ ᠶᠦᠩ 15249574545     ᠤᠯᠠᠭᠠᠨᠬᠠᠭᠠᠯᠭ᠎ᠠ ᠰᠤᠮᠤ᠄ ᠬᠠᠰᠴᠢᠯᠠᠭᠤ 13947984486     ᠡᠭᠦᠨ ᠤ ᠲᠤᠯᠠ ᠣᠨᠴᠠᠭᠠᠶᠢᠯᠠᠨ ᠵᠠᠷᠯᠠᠪᠠ           ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ                   2024 ᠤᠨ ᠤ 8 ᠰᠠᠷ᠎ᠠ ᠶᠢᠨ 9 ᠤ ᠡᠳᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号