ᠡᠨᠡ ᠵᠢᠯ ᠮᠠᠨ ᠤ ᠠᠶᠢᠮᠠᠭ 25 ᠰᠣᠶᠣᠯ ᠵᠢᠭᠤᠯᠴᠢᠯᠠᠯ ᠤᠨ ᠲᠥᠷᠥᠯ ᠵᠦᠢᠯ ᠳᠤ ᠠᠷᠠᠯᠵᠢᠶᠠᠴᠢᠨ ᠤᠷᠢᠵᠤ 13.22 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠᠷ ᠲᠥᠯᠥᠪᠯᠡᠪᠡ
ᠨᠡᠶᠢᠲᠡᠯᠡᠭᠰᠡᠨ ᠴᠠᠭ᠄
2024/8/9
     ᠰᠤᠷᠪᠤᠯᠵᠢᠯᠠᠭᠴᠢ ᠣᠶᠢᠷ᠎ᠠ ᠳᠤ ᠬᠤᠷᠠᠯᠳᠤᠭᠰᠠᠨ ᠰᠢᠯᠢ ᠶᠢᠨ ᠭᠤᠣᠯ ᠠᠶᠢᠮᠠᠭ ᠤᠨ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠠᠶᠢᠮᠠᠭ ᠰᠣᠶᠣᠯ ᠵᠢᠭᠤᠯᠴᠢᠯᠠᠯ ᠤᠨ ᠬᠦᠷᠢᠶᠡᠨ ᠳᠠᠬᠢ 25 ᠲᠦᠷᠦᠯ ᠵᠦᠢᠯ ᠳᠤ ᠠᠷᠠᠯᠵᠢᠶᠠᠴᠢᠨ ᠤᠷᠢᠵᠤ᠂ 13.22 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠᠷ ᠲᠥᠯᠥᠪᠯᠡᠵᠡᠢ᠃ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠮᠠᠨ ᠤ ᠠᠶᠢᠮᠠᠭ ᠤᠨ ᠰᠣᠶᠣᠯ ᠵᠢᠭᠤᠯᠴᠢᠯᠠᠯ ᠤᠨ ᠠᠷᠠᠯᠵᠢᠶᠠᠴᠢᠨ ᠤᠷᠢᠬᠤ ᠲᠥᠷᠥ ᠶᠢᠨ ᠪᠣᠳᠣᠯᠭ᠎ᠠ ᠪᠣᠯᠣᠨ ᠳᠥᠭᠦᠮ ᠳᠥᠲᠡ ᠵᠠᠮ ᠬᠠᠷᠢᠯᠴᠠᠭᠠᠨ ᠤ ᠲᠣᠣᠷ ᠵᠡᠷᠭᠡ ᠠᠭᠤᠯᠭ᠎ᠠ ᠶᠢ ᠲᠠᠨᠢᠯᠴᠠᠭᠤᠯᠬᠤ ᠶᠢᠨ ᠬᠠᠮᠲᠤ ᠲᠤᠯᠤᠨ ᠨᠤᠤᠷ ᠰᠢᠶᠠᠨ ᠤ ᠬᠡᠭᠡᠷ᠎ᠡ ᠠᠶᠠᠯᠠᠯ ᠤᠨ ᠵᠢᠵᠢᠭ ᠪᠠᠯᠭᠠᠰᠤᠨ ᠤ ᠵᠠᠩ ᠦᠢᠯᠡ ᠶᠢᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠠᠪᠠᠭ᠎ᠠ ᠬᠤᠰᠢᠭᠤᠨ ᠤ ᠠᠳᠤᠭᠤᠨ ᠰᠣᠶᠣᠯ ᠤᠨ ᠠᠵᠤ ᠦᠢᠯᠡᠰ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠰᠢᠯᠤᠭᠤᠨ ᠬᠥᠬᠡ ᠬᠤᠰᠢᠭᠤᠨ ᠤ ᠠᠮᠠᠷᠠᠯᠲᠠ ᠶᠢᠨ ᠪᠠᠭᠤᠳᠠᠯ ᠤᠨ ᠲᠦᠷᠦᠯ ᠵᠦᠢᠯ᠂ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠳᠠᠭ᠎ᠠ ᠶᠢᠨ ᠭᠤᠣᠯ ᠰᠡᠳᠦᠪᠲᠦ ᠠᠮᠠᠷᠠᠯᠲᠠ ᠶᠢᠨ ᠪᠠᠭᠤᠳᠠᠯ ᠤᠨ ᠲᠦᠷᠦᠯ ᠵᠦᠢᠯ᠂ ᠤᠯᠠᠭᠠᠢ ᠶᠢᠨ ᠭᠡᠷᠲᠦ ᠲᠡᠷᠭᠡᠨ ᠪᠠᠭᠤᠳᠠᠯ ᠤᠨ ᠲᠦᠷᠦᠯ ᠵᠦᠢᠯ᠂ ᠤᠯᠠᠭᠠᠢ ᠨᠠᠭᠤᠷ ᠤᠨ ᠦᠵᠡᠮᠵᠢ ᠶᠢᠨ ᠣᠷᠣᠨ ᠤ ᠨᠡᠭᠡᠭᠡᠨ ᠬᠥᠭᠵᠢᠭᠦᠯᠦᠯᠲᠡ ᠶᠢᠨ ᠲᠦᠷᠦᠯ ᠵᠦᠢᠯ ᠵᠡᠷᠭᠡ ᠪᠦᠬᠦ ᠠᠶᠢᠮᠠᠭ ᠤᠨ ᠰᠣᠶᠣᠯ ᠵᠢᠭᠤᠯᠴᠢᠯᠠᠯ ᠤᠨ ᠠᠷᠠᠯᠵᠢᠶᠠᠴᠢᠨ ᠤᠷᠢᠬᠤ 6 ᠲᠦᠷᠦᠯ ᠵᠦᠢᠯ ᠳᠤ ᠲᠠᠨᠢᠯᠴᠠᠭᠤᠯᠭ᠎ᠠ ᠬᠢᠵᠡᠢ᠃ ᠣᠶᠢᠷ᠎ᠠ ᠶᠢᠨ ᠵᠢᠯ ᠠᠴᠠ᠂ ᠮᠠᠨ ᠤ ᠠᠶᠢᠮᠠᠭ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ ᠳᠠᠰᠤᠷᠠᠯᠳᠠ ᠦᠭᠡᠢ ᠰᠢᠨ᠎ᠡ ᠶᠢ ᠡᠭᠦᠳᠴᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠪᠦᠬᠦ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠪᠠ᠃ ᠡᠭᠦᠨ ᠤ ᠵᠡᠷᠭᠡ ᠳᠤ ᠮᠠᠨ ᠤ ᠠᠶᠢᠮᠠᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠰᠣᠶᠣᠯ ᠵᠢᠭᠤᠯᠴᠢᠯᠠᠯ ᠤᠨ ᠠᠷᠠᠯᠵᠢᠶᠠᠴᠢᠨ ᠤᠷᠢᠬᠤ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠪᠠ᠃ ᠣᠳᠣᠬᠠᠨ ᠳᠤ᠂ ᠮᠠᠨ ᠤ ᠠᠶᠢᠮᠠᠭ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠬᠤ ᠰᠠᠶᠢᠨ ᠰᠣᠩᠭᠤᠯᠲᠠ ᠶᠢᠨ ᠭᠠᠵᠠᠷ᠂ ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠣᠩᠭᠤᠯᠲᠠ ᠶᠢᠨ ᠭᠠᠵᠠᠷ ᠪᠠ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ ᠢ ᠪᠠᠶᠢᠭᠤᠯᠵᠤ᠂ ᠬᠥᠭᠵᠢᠯᠲᠡ ᠶᠢᠨ ᠰᠠᠭᠤᠷᠢ ᠪᠠᠨ ᠲᠠᠰᠤᠷᠠᠯᠲᠠ ᠦᠭᠡᠢ ᠪᠠᠬᠢᠵᠢᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠵᠤ ᠪᠠᠶᠢᠨ᠎ᠠ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠣᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号