ᠮᠠᠨ ᠤ ᠠᠶᠢᠮᠠᠭ ︽ᠰᠤᠮᠤ ᠰᠢᠶᠠᠩ ᠢ ᠠᠳᠬᠤᠨ ᠭᠠᠴᠠᠭ᠎ᠠ ᠲᠣᠰᠬᠤᠨ ᠢ ᠠᠬᠢᠭᠤᠯᠵᠤ ᠠᠶᠢᠯ ᠡᠷᠦᠬᠡ ᠶᠢ ᠳᠠᠶᠢᠴᠢᠯᠠᠬᠤ︾ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ ᠰᠠᠶᠢᠨ ᠦᠷ᠎ᠡ ᠪᠦᠳᠦᠮᠵᠢ ᠣᠯᠪᠠ
ᠨᠡᠶᠢᠲᠡᠯᠡᠭᠰᠡᠨ ᠴᠠᠭ᠄
2024/8/9
    ᠣᠶᠢᠷ᠎ᠠ ᠶᠢᠨ ᠵᠢᠯ ᠳᠤ᠂ ᠮᠠᠨ ᠤ ᠠᠶᠢᠮᠠᠭ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ︽ᠰᠤᠮᠤ ᠰᠢᠶᠠᠩ ᠢ ᠠᠳᠬᠤᠨ ᠭᠠᠴᠠᠭ᠎ᠠ ᠲᠣᠰᠬᠤᠨ ᠢ ᠠᠬᠢᠭᠤᠯᠵᠤ ᠠᠶᠢᠯ ᠡᠷᠦᠬᠡ ᠶᠢ ᠳᠠᠶᠢᠴᠢᠯᠠᠬᠤ︾ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠰᠤᠮᠤ ᠭᠠᠴᠠᠭ᠎ᠠ ᠡᠷᠦᠬᠡ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨ ᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ ᠪᠠᠶᠢᠨ᠎ᠠ᠃            ᠰᠤᠮᠤ ᠰᠢᠶᠠᠩ ᠪᠠᠯᠭᠠᠰᠤ ︽ᠲᠠᠪᠤᠨ ᠰᠢᠯᠢᠳᠡᠭ︾  ᠢ ᠡᠭᠦᠳᠴᠦ ᠬᠥᠲᠥᠯᠥᠨ ᠳᠠᠭᠠᠭᠤᠯᠪᠠ            2022 ᠣᠨ ᠤ 8 ᠰᠠᠷ᠎ᠠ ᠳᠤ᠂ ᠠᠪᠠᠭ᠎ᠠ ᠬᠤᠰᠢᠭᠤᠨ ᠤ ᠶᠡᠬᠡᠭᠤᠣᠯ ᠰᠤᠮᠤᠨ ᠤ ᠠᠷᠠᠳ ᠤᠨ ᠵᠠᠰᠠᠭ ᠤᠨ ᠣᠷᠳᠣᠨ ᠪᠦᠬᠦ ᠤᠯᠤᠰ ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ ᠨᠡᠶᠢᠲᠡ︾ ᠪᠠᠷ ᠦᠨᠡᠯᠡᠭᠳᠡᠭᠰᠡᠨ ᠶᠤᠮ᠃ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ᠂ ᠶᠡᠬᠡᠭᠤᠣᠯ ᠰᠤᠮᠤ ᠶᠢᠨ ᠠᠷᠠᠳ ᠤᠨ ᠵᠠᠰᠠᠭ ᠤᠨ ᠣᠷᠳᠣᠨ ᠥᠷᠭᠡᠨ ᠤᠯᠠᠨ ᠮᠠᠯᠴᠢᠨ ᠲᠦᠮᠡᠨ ᠢ ᠳᠠᠭᠠᠭᠤᠯᠤᠨ ᠣᠲᠣ ᠦᠶ᠎ᠡ ᠶᠢᠨ ᠮᠠᠯ ᠠᠵᠤ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠭᠠᠪᠰᠢᠭᠠᠶᠢᠯᠠᠨ ᠠᠵᠢᠯᠯᠠᠵᠤ᠂ 2023 ᠣᠨ ᠤ ᠡᠴᠦᠰ ᠪᠤᠯᠬᠤ ᠳᠤ᠂ ᠲᠤᠰ ᠰᠤᠮᠤᠨ ᠤ ᠬᠠᠷᠢᠶᠠᠨ ᠳᠤ ᠪᠠᠶᠢᠭ᠎ᠠ 6 ᠭᠠᠴᠠᠭᠠᠨ ᠤ ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ ᠴᠥᠮ 15 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠡᠭᠦᠨ ᠳᠤ 50 ᠲᠦᠮᠡᠨ ᠲᠥᠭᠦᠷᠢᠭ ᠠᠴᠠ ᠳᠡᠭᠡᠭᠰᠢᠬᠢ ᠭᠠᠴᠠᠭ᠎ᠠ 4 ᠪᠣᠯᠵᠤ᠂ 20 ᠲᠦᠮᠡᠨ ᠲᠥᠭᠦᠷᠢᠭ ᠠᠴᠠ ᠳᠡᠭᠡᠭᠰᠢᠬᠢ ᠭᠠᠴᠠᠭ᠎ᠠ 2 ᠪᠣᠯᠪᠠ᠃           ᠮᠠᠨ ᠤ ᠠᠶᠢᠮᠠᠭ ︽ᠰᠤᠮᠤ ᠰᠢᠶᠠᠩ ᠢ ᠠᠳᠬᠤᠬᠤ︾ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ᠂ ᠵᠠᠰᠠᠯᠲᠠ ᠶᠢ ᠠᠳᠬᠤᠵᠤ᠂ ᠦᠢᠯᠡᠴᠢᠯᠡᠭᠡ ᠶᠢ ᠠᠳᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ︽ᠲᠠᠪᠤᠨ ᠰᠢᠯᠢᠳᠡᠭ︾ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢ ᠡᠭᠦᠳᠦᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ ᠢ ᠬᠦᠴᠦᠷᠬᠡᠭᠵᠢᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠨᠢᠭᠡ ᠪᠦᠯᠦᠭ ᠺᠠᠳ᠋ᠷ ᠢ ᠣᠷᠣᠭᠤᠯᠤᠨ ᠠᠪᠴᠢᠷᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡᠳᠦᠭᠡᠷ ᠹᠷᠣᠨᠲ ᠤᠨ ᠴᠢᠳᠠᠪᠬᠢ ᠶᠢ ᠨᠡᠩ ᠴᠢᠩᠭᠠᠳᠬᠠᠵᠤ᠂ ᠪᠦᠲᠦᠴᠡ ᠶᠢ ᠨᠡᠩ ᠰᠢᠯᠢᠳᠡᠭᠵᠢᠭᠦᠯᠪᠡ᠃ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠲᠣᠭᠤᠷᠢᠨ ᠳᠤ ︽ᠪᠠᠷᠢᠮᠵᠢᠶ᠎ᠠ ᠲᠠᠢ ᠬᠠᠷᠭᠤᠭᠤᠯᠵᠤ ᠲᠡᠷᠢᠭᠦᠨ ᠤ ᠬᠢ ᠶᠢ ᠡᠭᠦᠳᠬᠦ︾ ᠠᠵᠢᠯᠯᠠᠭ᠎ᠠ ᠶᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠷᠤᠭᠰᠢᠯᠠᠨ ᠲᠠᠪᠰᠢᠬᠤ ᠳᠤ ᠰᠠᠭᠤᠷᠢ ᠲᠠᠯᠪᠢᠪᠠ᠃ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠢ ᠵᠢᠯᠤᠭᠤᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠴᠢᠩᠭᠠᠳᠬᠠᠵᠤ᠂ ᠤᠯᠠᠨ ᠲᠦᠮᠡᠨ ᠤ ᠦᠢᠯᠡᠴᠢᠯᠡᠭᠡ ᠶᠢ ᠨᠠᠩ ᠥᠨᠳᠥᠷ ᠦᠷ᠎ᠡ ᠪᠦᠲᠦᠮᠵᠢᠲᠡᠶ ᠪᠣᠯᠭᠠᠪᠠ᠃           ᠰᠤᠮᠤ ᠰᠢᠶᠠᠩ ᠪᠠᠯᠭᠠᠰᠤ ᠶᠢᠨ ᠤᠳᠤᠷᠢᠳᠬᠤ ᠪᠠᠭ ᠤᠨ ᠪᠦᠷᠢᠯᠳᠦᠭᠦᠨ ᠠᠴᠠ ᠭᠠᠴᠠᠭ᠎ᠠ ᠲᠣᠰᠬᠤᠨ ᠢ ᠳᠠᠭᠠᠭᠠᠴᠢᠯᠠᠨ ᠡᠷᠦᠬᠡ ᠲᠠᠢ ᠬᠤᠯᠪᠣᠭᠠᠯᠠᠬᠤ ᠳᠦᠷᠢᠮ ᠢ ᠪᠠᠶᠢᠭᠤᠯᠵᠤ᠂ ᠣᠯᠠᠨ ᠲᠦᠮᠡᠨ ᠳᠤ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠪᠡ᠃ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠭᠰᠠᠨ᠂ ᠲᠣᠣᠷᠴᠢᠯᠠᠬᠰᠠᠨ ᠵᠠᠰᠠᠯᠲᠠ ᠪᠠᠷ ᠠᠷᠭ᠎ᠠ ᠪᠠᠷᠢᠯ ᠪᠣᠯᠭᠠᠭᠰᠠᠨ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠯ ᠪᠣᠯᠭᠠᠭᠰᠠᠨ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢᠶᠠᠷ ᠲᠦᠰᠢᠭ ᠪᠣᠯᠭᠠᠭᠰᠠᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠲᠣᠣᠷᠴᠢᠯᠠᠬᠰᠠᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠤ ᠵᠠᠰᠠᠯᠲᠠ ᠳᠠᠬᠢ ᠵᠣᠬᠢᠶᠠᠨ ᠪᠠᠶᠢᠭᠤᠯᠬᠤ ᠬᠦᠴᠦᠨ᠂ ᠠᠵᠢᠯᠯᠠᠭᠠᠨ ᠤ ᠬᠦᠴᠦᠨ ᠪᠠ ᠤᠷᠢᠶᠠᠯᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠳᠠᠶᠢᠴᠢᠯᠠᠬᠤ᠂ ᠬᠦᠴᠦᠷᠬᠡᠭ ᠢᠶᠠᠷ ᠪᠠᠭᠤᠷᠠᠢ ᠶᠢ ᠳᠠᠭᠠᠭᠤᠯᠬᠤ᠂ ᠭᠠᠴᠠᠭ᠎ᠠ ᠲᠣᠰᠬᠤᠨ ᠠᠵᠤ ᠠᠬᠤᠶᠢᠯᠠᠯ ᠠᠷᠠᠳ ᠬᠤᠯᠪᠤᠭᠠᠯᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ ᠪᠠᠷ ᠣᠯᠠᠨ ᠡᠰᠢᠲᠦ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠵᠠᠮ ᠢ ᠨᠡᠭᠡᠭᠡᠪᠡ᠃           ᠭᠠᠴᠠᠭ᠎ᠠ ᠲᠣᠰᠬᠤᠨ ︽ᠲᠠᠪᠤᠨ ᠬᠦᠴᠦᠷᠬᠡᠭ︾  ᠢ ᠡᠭᠦᠳᠴᠦ ᠰᠠᠭᠤᠷᠢ ᠶᠢ ᠪᠠᠬᠢᠵᠢᠭᠦᠯᠪᠡ           ᠮᠠᠨ ᠤ ᠠᠶᠢᠮᠠᠭ ︽ᠭᠠᠴᠠᠭ᠎ᠠ ᠳᠤᠰᠬᠤᠨ ᠢ ᠠᠬᠢᠭᠤᠯᠬᠤ︾ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠪᠣᠯᠭᠠᠵᠤ᠂ ︽ᠲᠠᠪᠤᠨ ᠬᠦᠴᠦᠷᠬᠡᠭ︾   ᠤᠨ ᠰᠠᠭᠤᠷᠢ ᠶᠢ ᠪᠠᠬᠢᠵᠢᠭᠦᠯᠦᠨ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠪᠠ᠃ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠠᠷᠪᠠᠨ ᠣᠳᠣᠨ ᠲᠠᠰ ᠤᠨ ᠬᠠᠮᠢᠶᠠᠷᠤᠯᠲᠠ︾ ᠪᠠᠷ ᠭᠠᠷᠳᠠᠴᠠ ᠪᠣᠯᠭᠠᠵᠤ᠂ ᠠᠷᠪᠠᠨ ᠣᠳᠣᠨ ᠲᠠᠰ ᠤᠨ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠯᠢᠳᠡᠭ ᠢ ᠨᠢ ᠰᠣᠩᠭᠤᠨ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢᠶᠠᠷ ᠦᠨᠡᠯᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠪᠣᠯᠣᠨ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠪᠣᠳᠠᠲᠤ ᠰᠣᠷᠢᠯᠲᠠ ᠪᠣᠯᠪᠠᠰᠤᠷᠠᠯ ᠢ ᠲᠣᠪᠤᠶᠢᠯᠭᠠᠨ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠦᠵᠡᠯ ᠰᠠᠨᠠᠭᠠᠨ ᠤ ᠲᠠᠨᠢᠯᠲᠠ᠂ ᠠᠵᠢᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠡᠷᠬᠢᠯᠡᠭᠴᠢ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ᠲᠤᠰᠢᠶᠠᠯ ᠢ ᠨᠢᠭᠡᠯᠡ ᠬᠥᠮᠥᠨ ᠬᠠᠮᠲᠤ ᠳᠤᠨᠢ ᠡᠭᠦᠷᠭᠡᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠪᠡ᠃         ᠭᠠᠴᠠᠭ᠎ᠠ ᠲᠣᠰᠬᠤᠨ ᠤ ᠱᠠᠲᠤᠨ ᠤ ᠪᠡᠯᠡᠳᠬᠡᠯ ᠬᠦᠴᠦᠨ ᠢ ᠬᠥᠮᠥᠵᠢᠭᠦᠯᠬᠦ ᠠᠵᠢᠯ ᠢ ᠰᠠᠶᠢᠲᠤᠷ ᠠᠳᠬᠤᠵᠤ᠂ ᠭᠠᠴᠠᠭ᠎ᠠ ᠪᠣᠯᠭᠠᠨ ᠳᠤ ᠣᠶᠤᠲᠠᠨ ᠲᠣᠬᠢᠷᠠᠭᠤᠯᠪᠠ᠃ ︽ᠮᠢᠩᠭᠠᠨ ᠺᠠᠳ᠋ᠷ ᠢ ᠦᠨᠳᠦᠰᠦᠨ ᠱᠠᠲᠤᠨ ᠳᠤ ᠪᠠᠭᠤᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠠᠵᠢᠯᠯᠠᠭ᠎ᠠ ᠶᠢ ᠥᠷᠨᠢᠭᠦᠯᠵᠦ᠂ ᠬᠦᠴᠦᠨ ᠢᠶᠠᠨ ᠲᠥᠪᠯᠡᠷᠡᠭᠦᠯᠦᠨ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠪᠡ᠃ ᠭᠠᠴᠠᠭ᠎ᠠ ᠲᠣᠰᠬᠤᠨ ᠤ ᠨᠠᠮ ᠤᠨ ᠡᠭᠦᠷ ᠤᠨ ︽ᠲᠤᠯᠤᠭᠠᠨ ᠨᠢᠭᠡ︾ ᠶᠢᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠭᠤᠣᠯ ᠰᠡᠳᠦᠪᠲᠦ ᠨᠠᠮ ᠤᠨ ᠡᠳᠦᠷ ᠬᠢᠭᠡᠳ ︽ᠭᠠᠴᠠᠭ᠎ᠠ ᠲᠣᠰᠬᠤᠨ ᠤ ᠶᠠᠪᠤᠳᠠᠯ ᠢ ᠢᠯᠡ ᠪᠤᠯᠭᠠᠬᠤ ᠡᠳᠦᠷ︾ ︽ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠥᠪᠯᠡᠷᠡᠭᠦᠯᠦᠨ ᠭᠦᠢᠴᠡᠳᠬᠡᠬᠦ ᠡᠳᠦᠷ︾ ᠵᠡᠷᠭᠡ ᠶᠢ ᠬᠠᠷᠢᠯᠴᠠᠨ ᠤᠶᠠᠯᠳᠤᠭᠤᠯᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ᠂ ᠭᠤᠣᠯᠳᠠᠯᠭ᠎ᠠ ᠲᠠᠢ ᠠᠵᠢᠯ᠂ ᠨᠠᠮ ᠤᠨ ᠡᠭᠦᠷ ᠤᠨ ᠣᠨᠴᠠᠯᠢᠭ᠍ᠲᠦ ᠠᠵᠢᠯᠯᠠᠭ᠎ᠠ ᠶᠢ ᠣᠷᠭᠠᠨᠢᠭ ᠢᠶᠠᠷ ᠠᠭᠤᠰᠤᠯᠴᠠᠭᠤᠯᠪᠠ᠃           ᠲᠤᠷᠰᠢᠯᠲᠠ ᠶᠢᠨ ᠴᠡᠭ ᠢ ᠰᠣᠩᠭᠤᠨ᠂ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠪᠠᠷ ᠮᠠᠯᠴᠢᠳ ᠲᠤ ᠬᠤᠷᠰᠢᠭᠰᠠᠨ ᠡᠮ ᠡᠮᠨᠡᠯᠭᠡ ᠶᠢᠨ ᠳᠠᠭᠠᠳᠬᠠᠯ ᠪᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠤᠰᠢᠶᠠᠨ ᠥᠭᠴᠦ᠂ ᠮᠠᠯᠴᠢᠨ ᠲᠠᠷᠢᠶᠠᠴᠢᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠦᠷ᠎ᠡ ᠪᠦᠲᠦᠭᠡᠯ ᠢ ᠬᠠᠮᠲᠤ  ᠳᠤᠨᠢ ᠡᠳ᠋ᠯᠡᠭᠦᠯᠪᠡ᠃ ︽ᠭᠠᠴᠠᠭ᠎ᠠ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠲᠥᠪᠯᠡᠷᠡᠭᠦᠯᠦᠨ ᠭᠦᠢᠴᠡᠳᠬᠡᠬᠦ ᠡᠳᠦᠷ + ᠨᠠᠮ ᠤᠨ ᠭᠡᠰᠢᠭᠦᠨ ᠭᠤᠣᠯᠯᠠᠬᠤ ᠡᠷᠦᠬᠡ ᠶᠢᠨ ᠣᠷᠣᠯᠠᠨ ᠭᠦᠢᠴᠡᠳᠬᠡᠬᠦ ᠴᠡᠭ + ︿ᠬᠤᠶᠠᠷ ᠵᠥᠪᠯᠡᠯ﹀  ᠤᠨ ᠪᠦᠷᠢᠯᠳᠦᠭᠦᠨ ᠤ ᠪᠥᠬᠦ ᠶᠠᠪᠤᠴᠠ ᠶᠢᠨ ᠣᠷᠣᠯᠠᠨ ᠭᠦᠢᠴᠡᠳᠬᠡᠬᠦ ᠠᠵᠢᠯᠲᠠᠨ︾  ᠤ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠦᠢᠯᠡᠴᠢᠯᠡᠭᠡ ᠶᠢ ᠮᠠᠯᠴᠢᠨ ᠲᠠᠷᠢᠶᠠᠴᠢᠨ ᠤ ᠭᠡᠷ ᠤᠨ ᠡᠭᠦᠳᠡᠨ ᠳᠤ ᠬᠦᠷᠭᠡᠪᠡ᠃ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠪᠣᠯᠭᠠᠨ ᠲᠣᠰᠬᠤᠨ ᠤ ᠳᠦᠷᠢᠮ ᠠᠷᠠᠳ ᠤᠨ ᠭᠡᠷ᠎ᠡ ᠶᠢ ᠲᠣᠭᠲᠠᠭᠠᠵᠤ᠂ ᠭᠠᠴᠠᠭ᠎ᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠢ ᠪᠠᠶᠢᠭᠤᠯᠪᠠ᠃          ᠨᠠᠮ ᠤᠨ ᠭᠡᠰᠢᠭᠦᠨ ᠭᠤᠣᠯᠯᠠᠬᠤ ᠡᠷᠦᠬᠡ ︽ᠲᠠᠪᠤᠨ ᠰᠠᠶᠢᠨ︾  ᠢ ᠡᠭᠦᠳᠴᠦ ᠳᠠᠭᠠᠭᠤᠯᠤᠭᠴᠢ ᠪᠣᠯᠪᠠ          ᠮᠠᠨ ᠤ ᠠᠶᠢᠮᠠᠭ ︽ᠠᠶᠢᠯ ᠡᠷᠤᠬᠡ ᠶᠢ ᠳᠠᠶᠢᠴᠢᠯᠠᠬᠤ︾ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠣᠭᠰᠣᠯᠲᠠ ᠪᠠᠨ ᠪᠣᠯᠭᠠᠵᠤ᠂ ᠤᠯᠤᠰ ᠲᠥᠷᠥ ᠶᠢᠨ ᠬᠡᠪ ᠴᠢᠨᠠᠷ ᠰᠠᠶᠢᠨ ᠵᠢᠱᠢᠶ᠎ᠡ ᠦᠵᠡᠭᠦᠯᠬᠦ ᠴᠢᠳᠠᠪᠤᠷᠢ ᠪᠠᠷ ᠴᠢᠩᠭ᠎ᠠ᠂ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ ᠦᠢᠯᠡᠴᠢᠯᠡᠬᠦ ᠴᠢᠳᠠᠪᠤᠷᠢ ᠪᠠᠷ ᠴᠢᠩᠭ᠎ᠠ᠂ ᠠᠵᠤ ᠦᠢᠯᠡᠰ ᠢ ᠰᠠᠶᠢᠲᠤᠷ ᠬᠥᠭᠵᠢᠭᠦᠯᠵᠦ ᠴᠢᠨᠡᠭᠡᠯᠢᠭᠵᠢᠯ ᠢ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢᠶᠠᠷ ᠰᠠᠶᠢᠨ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠪᠠᠬᠢᠵᠢᠭᠦᠯᠬᠦ ᠴᠢᠳᠠᠪᠤᠷᠢ ᠪᠠᠷ ᠴᠢᠩᠭ᠎ᠠ ︽ᠳᠥᠷᠪᠡᠨ ᠰᠠᠶᠢᠨ ᠳᠥᠷᠪᠡᠨ ᠬᠦᠴᠦᠷᠬᠡᠭ︾ ᠮᠠᠯᠵᠢᠬᠤ ᠲᠠᠷᠢᠶᠠᠯᠠᠬᠤ ᠣᠷᠣᠨ ᠤ ᠨᠠᠮ ᠤᠨ ᠭᠡᠰᠢᠭᠦᠨ ᠢ ᠨᠠᠮ ᠤᠨ ᠭᠡᠰᠢᠭᠦᠨ ᠭᠤᠣᠯᠯᠠᠬᠤ ᠡᠷᠦᠬᠡ ᠪᠤᠯᠭᠠᠬᠤ ᠶᠢ ᠴᠢᠬᠤᠯᠠᠴᠢᠯᠠᠨ ᠠᠳᠬᠤᠪᠠ᠃ ᠨᠠᠮ ᠤᠨ ᠭᠡᠰᠢᠭᠦᠨ ᠭᠤᠣᠯᠯᠠᠬᠤ ᠡᠷᠦᠬᠡ ᠶᠢᠨ ᠬᠢᠨ ᠭᠠᠵᠠᠷ ᠣᠷᠣᠨ ᠤ ᠪᠠᠨ ᠪᠠᠶᠢᠳᠠᠯ ᠢ ᠰᠠᠶᠢᠨ ᠣᠶᠢᠯᠠᠭᠠᠵᠤ ᠮᠡᠳᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠢ ᠳᠤᠨᠢ ᠣᠶᠢᠯᠠᠭᠠᠨ᠂ ᠰᠠᠨᠠᠭᠠᠴᠢᠯᠠᠭ᠎ᠠ ᠠᠴᠠ ᠪᠠᠨ ᠨᠠᠮ ᠤᠨ ᠭᠡᠰᠢᠭᠦᠨ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠵᠥᠷᠢᠴᠡᠯ ᠢ ᠡᠶᠡᠳᠡᠭᠦᠯᠪᠡ᠃           ᠨᠠᠮ ᠤᠨ ᠭᠡᠰᠢᠭᠦᠨ ᠭᠤᠣᠯᠯᠠᠬᠤ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠤᠯᠠᠨ ᠲᠦᠮᠡᠨ ᠳᠤ ᠦᠯᠢᠭᠡᠷ ᠳᠠᠭᠤᠷᠢᠶᠠᠯ ᠦᠵᠡᠭᠦᠯᠵᠦ᠂ ᠤᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠪᠠ᠃ ᠨᠠᠮ ᠤᠨ ᠭᠡᠰᠢᠭᠦᠨ ᠭᠤᠣᠯᠯᠠᠬᠤ ᠡᠷᠦᠭᠡ ᠶᠢᠨ ᠠᠵᠢᠯ ᠢ ᠨᠠᠮ ᠪᠠ ᠤᠯᠠᠨ ᠲᠦᠮᠡᠨ ᠤ ᠦᠢᠯᠡᠴᠢᠯᠡᠭᠡ᠂ ᠨᠠᠮ ᠤᠨ ᠳᠤᠭᠤᠶᠢᠯᠠᠩ᠂ ᠲᠣᠣᠷᠴᠢᠯᠠᠬᠰᠠᠨ ᠵᠠᠰᠠᠯᠲᠠ ᠶᠢᠨ ᠠᠵᠢᠯ ᠲᠠᠢ ᠨᠢᠭᠲᠠ ᠤᠶᠠᠯᠳᠤᠭᠤᠯᠵᠤ᠂ ᠨᠠᠮ ᠤᠨ ᠭᠡᠰᠢᠭᠦᠨ ᠭᠤᠣᠯᠯᠠᠬᠤ ᠡᠷᠦᠭᠡ ᠶᠢᠨ ᠪᠦᠬᠦ ᠶᠠᠪᠤᠴᠠ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠵᠦᠢᠯᠡᠰ ᠢ ᠲᠣᠳᠣᠷᠬᠠᠶᠢᠯᠠᠵᠤ᠂ ᠨᠠᠮ ᠤᠨ ᠭᠡᠰᠢᠭᠦᠨ ᠭᠤᠣᠯᠯᠠᠬᠤ ᠡᠷᠦᠭᠡ ᠳᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠦᠷᠳᠡᠭᠡ ᠶᠢ ᠪᠦᠬᠦᠨ ᠢ ᠪᠠᠶᠢᠭᠤᠯᠵᠤ᠂ ᠤᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾  ᠢ ᠨᠡᠪᠲᠡᠷᠡᠭᠦᠯᠪᠡ᠃ ᠨᠠᠮ ᠤᠨ ᠭᠡᠰᠢᠭᠦᠨ ᠭᠤᠣᠯᠯᠠᠬᠤ ᠡᠷᠦᠬᠡ ᠶᠢᠨ ᠨᠠᠮ ᠤᠨ ᠡᠭᠦᠷ᠂ ᠨᠠᠮ ᠤᠨ ᠭᠡᠰᠢᠭᠦᠨ ᠮᠠᠯᠴᠢᠨ ᠡᠷᠦᠬᠡ ᠲᠠᠢ ᠬᠤᠯᠪᠣᠭᠠᠯᠠᠬᠤ ᠲᠣᠭᠲᠠᠴᠠ ᠶᠢ ᠪᠠᠶᠢᠭᠤᠯᠵᠤ᠂ ᠨᠠᠮ ᠤᠨ ᠭᠡᠰᠢᠭᠦᠨ ᠭᠤᠣᠯᠯᠠᠬᠤ ᠡᠷᠦᠬᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠪᠠ᠃ ᠨᠠᠮ ᠤᠨ ᠭᠡᠰᠢᠭᠦᠨ ᠭᠤᠣᠯᠯᠠᠬᠤ ᠡᠷᠦᠬᠡ ᠶᠢ ᠬᠥᠮᠥᠵᠢᠭᠦᠯᠬᠦ ᠠᠵᠢᠯ ᠢ ᠦᠨᠳᠦᠰᠦᠨ ᠱᠠᠲᠤᠨ ᠤ ᠺᠠᠳ᠋ᠷᠴᠤᠳ ᠢ ᠪᠣᠯᠪᠠᠰᠤᠷᠠᠭᠤᠯᠬᠤ ᠲᠥᠯᠦᠪᠵᠢᠭᠦᠯᠭᠡ ᠳᠤ ᠣᠷᠣᠭᠤᠯᠵᠤ᠂ ᠨᠠᠮ ᠤᠨ ᠭᠡᠰᠢᠭᠦᠨ ᠭᠤᠣᠯᠯᠠᠬᠤ ᠡᠷᠦᠬᠡ ᠶᠢ ᠵᠢᠯ ᠪᠦᠷᠢ ᠨᠢᠭᠡ ᠤᠳᠠᠭ᠎ᠠ ᠡᠭᠡᠯᠵᠢᠯᠡᠨ ᠪᠣᠯᠪᠠᠰᠤᠷᠠᠭᠤᠯᠬᠤ ᠶᠢ ᠦᠨᠡᠨ ᠬᠦ ᠪᠠᠲᠤᠯᠠᠵᠤ᠂ ᠵᠢᠱᠢᠶ᠎ᠡ ᠦᠵᠡᠭᠦᠯᠵᠦ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠪᠡ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号