ᠰᠢᠩᠭᠡᠨ ᠢᠳᠡᠬᠡᠨ ᠪᠤᠶᠤ ᠬᠠᠷᠠᠰᠣ ᠢᠳᠡᠭᠡᠨ
ᠨᠡᠶᠢᠲᠡᠯᠡᠭᠰᠡᠨ ᠴᠠᠭ᠄
2024/9/10
      ᠪᠢᠳᠡ ᠦᠷᠭᠦᠯᠵᠢ ᠡᠮᠴᠢ ᠶᠢᠨ ᠰᠢᠩᠭᠡᠨ ᠢᠳᠡᠭᠡᠨ ᠤᠮᠳᠠᠭᠠᠨ ᠢᠳᠡᠬᠦ ᠬᠡᠷᠡᠭᠲᠡᠢ ᠭᠡᠰᠡᠨ ᠰᠠᠨᠠᠭᠤᠯᠭ᠎ᠠ ᠶᠢ ᠣᠯᠵᠤ ᠰᠣᠨᠣᠰᠳᠠᠭ᠃ ᠭᠡᠲᠡᠯ᠎ᠡ ᠣᠯᠠᠩᠬᠢ ᠬᠥᠮᠥᠰ ᠬᠠᠷᠠᠰᠣ ᠢᠳᠡᠭᠡᠨ ᠤᠮᠳᠠᠭᠠᠨ ᠤ ᠲᠤᠬᠠᠢ ᠪᠤᠷᠤᠭᠤ ᠲᠠᠨᠢᠯᠲᠠ ᠲᠠᠢ ᠪᠠᠶᠢᠵᠤ᠂ ᠬᠠᠷᠠᠰᠣ ᠢᠳᠡᠭᠡᠨ ᠪᠣᠯ ᠳᠠᠷᠤᠢ ︽ᠠᠯᠢ ᠴᠢᠳᠠᠬᠤ ᠪᠠᠷ ᠬᠠᠷᠠᠰᠣ ᠢᠳᠡᠭᠡᠨ ᠢᠳᠡᠵᠦ᠂ ᠮᠢᠬ᠎ᠠ ᠢᠳᠡᠵᠦ ᠪᠣᠯᠬᠤ ᠦᠭᠡᠢ︾ ᠭᠡᠵᠦ ᠦᠵᠡᠳᠡᠭ᠃ ᠦᠨᠡᠨ ᠳᠡᠭᠡᠨ ᠢᠩᠭᠢᠵᠦ ᠢᠳᠡᠬᠦ ᠨᠢ ᠰᠢᠮ᠎ᠡ ᠲᠡᠵᠢᠭᠡᠯ ᠤᠨ ᠲᠡᠩᠴᠡᠭᠦᠷᠢ ᠳᠤ ᠠᠰᠢᠭ ᠦᠭᠡᠢ ᠮᠥᠷᠲᠡᠭᠡᠨ ᠪᠡᠶ᠎ᠡ ᠮᠠᠬᠠᠪᠤᠳ ᠢ ᠴᠤ ᠮᠠᠭᠤᠳᠠᠭᠤᠯᠳᠠᠭ᠃ ᠰᠢᠩᠭᠡᠨ ᠬᠤᠭᠤᠯᠠ ᠢᠳᠡᠬᠦ ᠨᠢ ᠬᠠᠷᠠᠰᠣ ᠪᠤᠳᠠᠭ᠎ᠠ ᠢᠳᠡᠬᠦ ᠲᠠᠢ ᠠᠳᠠᠯᠢ ᠪᠢᠰᠢ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠭᠤᠣᠯ ᠰᠢᠯᠲᠠᠭᠠᠨ ᠨᠢ ᠮᠢᠬ᠎ᠠ ᠢᠳᠡᠬᠦ ᠶᠤᠮ ᠦᠦ ᠬᠠᠷᠠᠰᠣ ᠢᠳᠡᠬᠦ ᠶᠤᠮ ᠦᠦ ᠭᠡᠳᠡᠭ ᠲᠤ ᠪᠠᠶᠢᠬᠤ ᠪᠢᠰᠢ᠂ ᠬᠠᠷᠢᠨ ᠶᠠᠭᠤ ᠢᠳᠡᠬᠦ ᠪᠠ ᠬᠡᠳᠦᠢ ᠢᠳᠡᠬᠦ ᠳᠤ ᠪᠤᠢ᠂ ᠥᠭᠡᠷ᠎ᠡ ᠪᠠᠷ ᠬᠡᠯᠡᠪᠡᠯ ᠬᠥᠮᠥᠨ ᠤ ᠪᠡᠶ᠎ᠡ ᠶᠢᠨ ᠬᠡᠷᠡᠭᠰᠡᠬᠦ ᠰᠢᠮ᠎ᠡ ᠲᠡᠵᠢᠭᠡᠯ ᠤᠨ ᠪᠦᠷᠢᠯᠳᠦᠭᠦᠨ ᠪᠦᠷᠢᠨ ᠭᠦᠢᠴᠡᠳ ᠪᠠᠶᠢᠬᠤ ᠡᠰᠡᠬᠦ᠂ ᠬᠡᠮᠵᠢᠶ᠎ᠡ ᠨᠢ ᠲᠣᠬᠢᠷᠠᠮᠵᠢᠲᠠᠢ ᠪᠠᠶᠢᠬᠤ ᠡᠰᠡᠬᠦ ᠳᠤ ᠪᠠᠶᠢᠳᠠᠭ᠃ ᠲᠠᠬᠢᠶ᠎ᠠ᠂ ᠨᠤᠭᠤᠰᠤ᠂ ᠵᠢᠭᠠᠰᠤᠨ ᠮᠢᠬ᠎ᠠ ᠵᠡᠷᠭᠡ ᠨᠢ ᠰᠢᠮ᠎ᠡ ᠲᠡᠵᠢᠭᠡᠯ ᠤᠨ ᠴᠢᠬᠤᠯᠠ ᠢᠷᠡᠯᠲᠡ ᠪᠣᠯᠵᠤ᠂ ᠬᠥᠮᠥᠨ ᠤ ᠪᠡᠶ᠎ᠡ ᠶᠢᠨ ᠥᠰᠦᠯᠲᠡ ᠪᠤᠶᠢᠵᠢᠯᠲᠠ ᠪᠠ ᠰᠢᠨ᠎ᠡ ᠬᠠᠭᠤᠴᠢᠨ ᠤ ᠰᠣᠯᠢᠯᠴᠠᠭ᠎ᠠ ᠳᠤ ᠶᠡᠭᠡ ᠬᠡᠮᠵᠢᠶᠡᠨ ᠤ ᠴᠢᠨᠠᠷ ᠰᠠᠶᠢᠲᠠᠢ ᠤᠭᠤᠷᠠᠭ ᠪᠠ ᠥᠭᠡᠬᠦᠨ ᠬᠦᠴᠢᠯ ᠢ ᠬᠠᠩᠭᠠᠳᠠᠭ᠃ ᠡᠶᠢᠮᠦ ᠠᠴᠠ ᠡᠩ ᠤᠨ ᠬᠥᠮᠥᠰ ᠲᠤ ᠠᠪᠴᠤ ᠬᠡᠯᠡᠪᠡᠯ᠂ ᠮᠢᠬᠠᠨ ᠤ ᠲᠥᠷᠥᠯ ᠢ ᠵᠣᠬᠢᠬᠤ ᠬᠡᠮᠵᠢᠶ᠎ᠡ ᠪᠠᠷ ᠢᠳᠡᠪᠡᠯ ᠪᠡᠶ᠎ᠡ ᠶᠢᠨ ᠡᠷᠡᠭᠦᠯ ᠮᠡᠨᠳᠦ ᠳᠤ ᠮᠠᠰᠢ ᠠᠰᠢᠭᠲᠠᠢ ᠪᠠᠶᠢᠳᠠᠭ᠃ ᠡᠶᠢᠮᠦ ᠠᠴᠠ ᠡᠮᠴᠢ ᠶᠢᠨ ᠱᠠᠭᠠᠷᠳᠠᠯᠭ᠎ᠠ ᠨᠢ ᠮᠢᠬ᠎ᠠ ᠲᠣᠰᠣ ᠪᠠᠭᠠᠲᠠᠢ ᠢᠳᠡᠭᠡᠨ ᠪᠠᠶᠢᠭᠰᠠᠨ ᠴᠤ ᠴᠢᠳᠠᠬᠤ ᠶᠢᠨ ᠬᠢᠷᠢ ᠪᠠᠷ ᠮᠢᠬᠠᠲᠠᠢ ᠢᠳᠡᠭᠡᠨ ᠢ ᠢᠳᠡᠬᠦ ᠬᠡᠷᠡᠭᠲᠡᠢ᠃ ᠮᠢᠬᠠᠲᠠᠢ ᠢᠳᠡᠭᠡᠨ ᠤᠮᠳᠠᠭᠠᠨ ᠨᠢ ᠬᠥᠮᠥᠨ ᠤ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠨᠡᠬᠡᠳᠡᠰᠦ ᠶᠢᠨ ᠡᠰ ᠤᠨ ᠪᠦᠲᠦᠴᠡ ᠶᠢᠨ ᠪᠦᠷᠢᠨ ᠪᠦᠲᠦᠨ ᠪᠠᠶᠢᠬᠤ ᠶᠢ ᠪᠠᠲᠤᠯᠠᠨ᠂ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠲᠡᠯᠬᠦ ᠶᠢ ᠤᠳᠠᠭᠠᠰᠢᠷᠠᠭᠤᠯᠤᠨ᠂ ᠣᠷᠳᠣ ᠨᠠᠰᠤᠯᠠᠬᠤ ᠶᠢ ᠠᠬᠢᠭᠤᠯᠳᠠᠭ᠃      ᠢᠳᠡᠭᠡᠨ ᠢ ᠤᠯᠠᠨ ᠶᠠᠩᠵᠤᠴᠢᠯᠠᠬᠤ ᠪᠣᠯ ᠦᠨᠳᠦᠰᠦᠨ ᠵᠠᠷᠴᠢᠮ ᠮᠥᠨ ᠲᠡᠭᠡᠪᠡᠯ ᠴᠣᠬᠤᠮ ᠶᠠᠭᠤ ᠶᠢ ᠵᠢᠩᠬᠢᠨᠢ ᠮᠢᠬ᠎ᠠ ᠲᠣᠰᠣ ᠪᠠᠭᠠᠲᠠᠢ ᠢᠳᠡᠭᠡᠨ ᠤᠮᠳᠠᠭᠠᠨ ᠭᠡᠬᠦ ᠪᠤᠢ︖     ᠦᠨᠡᠨ ᠳᠡᠭᠡᠨ ᠬᠠᠷᠢᠭᠤᠯᠲᠠ ᠨᠢ ᠲᠡᠶᠢᠮᠦ ᠪᠤᠳᠤᠯᠢᠶᠠᠨᠲᠠᠢ ᠪᠢᠰᠢ᠂ ᠬᠠᠮᠤᠭ ᠤᠨ ᠦᠨᠳᠦᠰᠦᠨ ᠵᠠᠷᠴᠢᠮ ᠪᠣᠯ ᠳᠠᠷᠤᠢ ᠢᠳᠡᠭᠡᠨ ᠢ ᠣᠯᠠᠨ ᠶᠠᠩᠵᠤ ᠶᠢᠨ ᠪᠣᠯᠭᠠᠬᠤ ᠶᠠᠪᠤᠳᠠᠯ ᠪᠣᠯᠣᠨ᠎ᠠ᠃ ᠭᠤᠣᠯ ᠢᠳᠡᠭᠡᠨ ᠨᠢ ᠨᠠᠷᠢᠮᠤ ᠲᠥᠮᠥᠰᠥ ᠶᠢᠨ ᠵᠦᠢᠯ ᠢᠶᠠᠷ ᠭᠤᠣᠯᠯᠠᠵᠤ᠂ ᠢᠳᠡᠰᠢᠨ ᠨᠣᠭᠤᠭ᠎ᠠ ᠪᠠ ᠵᠢᠮᠢᠰ ᠢ ᠵᠣᠬᠢᠬᠤ ᠬᠡᠮᠵᠢᠶ᠎ᠡ ᠪᠠᠷ ᠢᠯᠡᠭᠦᠦ ᠢᠳᠡᠵᠦ᠂ ᠦᠷᠭᠦᠯᠵᠢ ᠰᠦ᠂ ᠪᠤᠷᠴᠠᠭ ᠤᠨ ᠲᠦᠷᠦᠯ ᠪᠠ ᠵᠣᠬᠢᠬᠤ ᠬᠡᠮᠵᠢᠶᠡᠨ ᠤ ᠵᠢᠭᠠᠰᠤ᠂ ᠵᠢᠭᠦᠷᠲᠡᠨ᠂ ᠥᠨᠳᠡᠭᠡ᠂ ᠬᠠᠷ᠎ᠠ ᠮᠢᠬ᠎ᠠ ᠢᠳᠡᠬᠦ ᠬᠡᠷᠡᠭᠲᠡᠢ᠃ ᠡᠭᠦᠨ ᠤ ᠰᠠᠭᠤᠷᠢᠨ ᠳᠡᠭᠡᠷ᠎ᠡ ᠦᠨᠦᠷ ᠠᠮᠲᠠ ᠨᠢ ᠳᠠᠩ ᠴᠤᠯᠭᠤᠢ ᠪᠠᠶᠢᠬᠤ ᠶᠢ ᠡᠷᠬᠢᠮᠯᠡᠵᠦ᠂ ᠲᠣᠰᠣ ᠪᠠᠭ᠎ᠠ ᠳᠠᠪᠤᠰᠤ ᠪᠠᠭ᠎ᠠ ᠰᠢᠬᠢᠷ ᠪᠠᠭ᠎ᠠ ᠪᠠᠶᠢᠬᠤ ᠶᠢ ᠪᠠᠷᠢᠮᠲᠠᠯᠠᠪᠠᠯ ᠵᠣᠬᠢᠨ᠎ᠠ᠃ ᠡᠳᠦᠷ ᠳᠤᠳᠤᠮ ᠤᠨ ᠢᠳᠡᠬᠡᠨ ᠤᠮᠳᠠᠭᠠᠨ ᠳᠠᠭᠠᠨ ᠪᠠᠶᠢᠭᠠᠯᠢᠯᠢᠭ ᠢᠳᠡᠬᠡᠨ ᠤ ᠮᠠᠲ᠋ᠧᠷᠢᠶᠠᠯ ᠰᠣᠩᠭᠤᠬᠤ ᠶᠢ ᠠᠩᠬᠠᠷᠴᠤ᠂ ᠳᠥᠭᠦᠮᠬᠡᠨ ᠡᠳ᠋ᠰᠢᠭᠦᠯᠦᠨ ᠪᠣᠯᠪᠠᠰᠤᠷᠠᠭᠤᠯᠪᠠᠯ ᠪᠣᠯᠴᠢᠬᠠᠨ᠎ᠠ᠃ ᠬᠡᠳᠦ ᠳᠡᠯᠭᠡᠭᠦᠷ ᠤᠨ ᠵᠠᠷᠢᠮ ᠨᠠᠷᠢᠯᠢᠭ ᠪᠣᠯᠪᠠᠰᠤᠷᠠᠭᠤᠯᠤᠭᠰᠠᠨ ᠰᠤᠯᠠ ᠢᠳᠡᠭᠡᠨ ᠵᠢᠴᠢ ᠬᠤᠭᠤᠯᠠᠨ ᠭᠡᠷ ᠤᠨ ᠬᠠᠩᠭᠠᠭᠰᠠᠨ ᠠᠮᠲᠠᠲᠤ ᠵᠠᠭᠤᠰᠢ ᠨᠢ ᠶᠡᠷᠦ ᠳᠡᠭᠡᠨ ᠲᠣᠰᠣ ᠶᠡᠭᠡ᠂ ᠳᠠᠪᠤᠰᠤ ᠶᠡᠭᠡ᠂ ᠰᠢᠬᠢᠷ ᠥᠨᠳᠥᠷ ᠪᠠᠶᠢᠵᠤ᠂ ᠴᠢᠨᠠᠭᠰᠢᠯᠠᠭᠠᠳ ᠭᠤᠷᠪᠠᠨ ᠵᠦᠢᠯ ᠨᠢ ᠪᠦᠷ ᠥᠨᠳᠥᠷ ᠪᠠᠶᠢᠳᠠᠭ᠃ ᠦᠷᠬᠦᠯᠵᠢ ᠡᠶᠢᠮᠦᠷᠬᠦᠦ ︽ᠭᠤᠷᠪᠠᠨ ᠥᠨᠳᠥᠷ︾ ᠢᠳᠡᠬᠡᠨ ᠢᠳᠡᠪᠡᠯ ᠡᠮᠴᠢ ᠡᠷᠢᠵᠦ ︽ᠭᠤᠷᠪᠠᠨ ᠥᠨᠳᠥᠷ︾ ︵ᠴᠢᠰᠤᠨ ᠤ ᠥᠭᠡᠬᠦ ᠥᠨᠳᠥᠷ᠂ ᠴᠢᠰᠤᠨ ᠳᠠᠷᠤᠯᠲᠠ ᠥᠨᠳᠥᠷ᠂ ᠴᠢᠰᠤᠨ ᠰᠢᠬᠢᠷ ᠥᠨᠳᠥᠷ︶ ᠦᠵᠡᠭᠦᠯᠬᠦ ᠲᠦᠭᠰᠢᠭᠦᠷᠢ ᠴᠦ ᠶᠡᠭᠡ ᠪᠠᠷ ᠨᠡᠮᠡᠭᠳᠡᠳᠡᠭ᠃ ︵︽ᠥᠪᠥᠷ ᠮᠣᠩᠭᠤᠯ ᠤᠨ ᠡᠳᠦᠷ ᠤᠨ ᠰᠣᠨᠢᠨ︾ ᠎ ᠠᠴᠠ ᠰᠢᠯᠵᠢᠭᠦᠯᠪᠡ︶  
 
ᠢᠷᠡᠯᠲᠡ᠄ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号