ᠮᠠᠨ ᠤ ᠣᠷᠣᠨ ᠡᠨᠧᠷᠭᠢ᠂ ᠤᠰᠤᠨ ᠠᠰᠢᠭᠯᠠᠯᠲᠠ᠂ ᠵᠠᠮ ᠲᠡᠭᠡᠭᠡᠪᠦᠷᠢ ᠵᠡᠷᠭᠡ 3 ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ︽ᠨᠢᠭᠡ ᠯᠠ ᠶᠠᠪᠤᠳᠠᠯ︾ ᠢ ᠪᠥᠬᠦ ᠤᠯᠤᠰ ᠲᠤ ᠬᠠᠮᠤᠭ ᠤᠨ ᠲᠡᠷᠢᠭᠦᠨ ᠳᠤ | ᠰᠦᠯᠵᠢᠶ᠎ᠡ ᠪᠠᠷ ᠲᠤᠷᠰᠢᠨ ᠠᠵᠢᠯᠯᠠᠭᠤᠯᠪᠠ᠃ ᠡᠨᠧᠷᠭᠢ ᠶᠢᠨ ᠲᠠᠯ᠎ᠠ ᠪᠠᠷ᠂ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠤᠷᠢᠳᠠᠴᠢ ᠬᠢᠨᠠᠨ ᠵᠥᠪᠰᠢᠶᠡᠷᠡᠭᠦᠯᠬᠦ ᠳᠤ ᠬᠤᠯᠪᠣᠭᠳᠠᠭᠰᠠᠨ 6 ᠰᠠᠯᠠᠭ᠎ᠠ ᠮᠥᠴᠢᠷ ᠤᠨ 19 ᠵᠦᠢᠯᠡᠰ ᠢ | ︽ᠨᠢᠭᠡ ᠯᠠ ᠶᠠᠪᠤᠳᠠᠯ︾ ᠪᠣᠯᠭᠠᠨ ᠨᠡᠶᠢᠳᠬᠡᠵᠦ᠂ ᠭᠦᠢᠴᠡᠳᠬᠡᠬᠦ ᠴᠠᠭ ᠢ 193 ᠠᠵᠢᠯᠯᠠᠬᠤ ᠡᠳᠦᠷ ᠠᠴᠠ 35 | ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠲᠤᠰᠢᠶᠠᠬᠤ ᠮᠠᠲ᠋ᠧᠷᠢᠶᠠᠯ ᠢ 66 ᠬᠤᠪᠢ ᠪᠠᠶᠢᠭᠰᠠᠨ ᠠᠴᠠ 45 ᠬᠤᠪᠢ | ᠪᠣᠯᠭᠠᠨ ᠴᠥᠭᠡᠳᠬᠡᠵᠦ᠂ ᠭᠦᠢᠴᠡᠳᠬᠡᠬᠦ ᠭᠤᠭᠴᠤᠭ᠎ᠠ ᠶᠢ 19 ᠪᠠᠶᠢᠭᠰᠠᠨ ᠠᠴᠠ 2 ᠪᠣᠯᠭᠠᠨ ᠪᠠᠭᠠᠰᠬᠠᠪᠠ᠃ ᠤᠰᠤᠨ | ᠠᠰᠢᠭᠯᠠᠯᠲᠠ ᠶᠢᠨ ᠲᠠᠯ᠎ᠠ ᠪᠠᠷ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠰᠢᠯᠭᠠᠨ ᠠᠪᠬᠤ᠂ ᠳᠠᠩᠰᠠ ᠡᠪᠬᠡᠮᠡᠯ ᠢ ᠰᠢᠯᠭᠠᠨ ᠠᠪᠬᠤ ᠵᠡᠷᠭᠡ 3 ᠵᠦᠢᠯᠡᠰ ᠢ ᠨᠡᠶᠢᠳᠬᠡᠵᠦ᠂ ᠰᠢᠯᠭᠠᠨ | ᠠᠪᠬᠤ ᠴᠠᠭ ᠢ 81 ᠠᠵᠢᠯᠯᠠᠬᠤ ᠡᠳᠦᠷ ᠠᠴᠠ 60 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠲᠤᠰᠢᠶᠠᠬᠤ | ᠮᠠᠲ᠋ᠧᠷᠢᠶᠠᠯ ᠢ 12 ᠬᠤᠪᠢ ᠪᠠᠶᠢᠭᠰᠠᠨ ᠠᠴᠠ 9 ᠬᠤᠪᠢ ᠪᠣᠯᠭᠠᠨ ᠴᠥᠭᠡᠳᠬᠡᠵᠦ᠂ ᠭᠦᠢᠴᠡᠳᠬᠡᠬᠦ ᠭᠤᠭᠴᠤᠭ᠎ᠠ ᠶᠢ 3 | ᠪᠠᠶᠢᠭᠰᠠᠨ ᠠᠴᠠ 1 ᠪᠣᠯᠭᠠᠨ ᠪᠠᠭᠠᠰᠬᠠᠪᠠ᠃ ᠵᠠᠮ ᠲᠡᠭᠡᠭᠡᠪᠦᠷᠢ ᠶᠢᠨ ᠲᠠᠯ᠎ᠠ ᠪᠠᠷ᠂ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠵᠥᠪᠰᠢᠶᠡᠷᠡᠯ᠂ ᠠᠭᠤᠷᠬᠠᠢ ᠶᠢᠨ | ᠪᠤᠯᠠᠭᠳᠠᠴᠠ ᠶᠢᠨ ᠬᠠᠶᠢᠨ ᠪᠠᠶᠢᠴᠠᠭᠠᠯᠲᠠ ᠵᠡᠷᠭᠡ 18 ᠬᠢᠨᠠᠨ ᠵᠥᠪᠰᠢᠶᠡᠷᠡᠬᠦ ᠵᠦᠢᠯᠡᠰ ᠢ ︽ᠨᠢᠭᠡ ᠯᠠ ᠶᠠᠪᠤᠳᠠᠯ︾ | ᠪᠣᠯᠭᠠᠨ ᠨᠡᠶᠢᠳᠬᠡᠵᠦ᠂ ᠭᠦᠢᠴᠡᠳᠬᠡᠬᠦ ᠬᠤᠭᠤᠴᠠᠭ᠎ᠠ ᠶᠢ 169 ᠠᠵᠢᠯᠯᠠᠬᠤ ᠡᠳᠦᠷ ᠪᠠᠶᠢᠭᠰᠠᠨ ᠠᠴᠠ 38 ᠠᠵᠢᠯᠯᠠᠬᠤ | ᠡᠳᠦᠷ ᠪᠣᠯᠭᠠᠨ ᠪᠣᠭᠤᠨᠢᠰᠬᠠᠵᠤ᠂ ᠲᠤᠰᠢᠶᠠᠬᠤ ᠮᠠᠲ᠋ᠧᠷᠢᠶᠠᠯ ᠢ 84 ᠬᠤᠪᠢ ᠪᠠᠶᠢᠭᠰᠠᠨ ᠠᠴᠠ 67 ᠬᠤᠪᠢ ᠪᠣᠯᠭᠠᠨ | ᠴᠥᠭᠡᠳᠬᠡᠵᠦ᠂ ᠭᠦᠢᠴᠡᠳᠬᠡᠬᠦ ᠭᠤᠭᠴᠤᠭ᠎ᠠ ᠶᠢ 18 ᠪᠠᠶᠢᠭᠰᠠᠨ ᠠᠴᠠ 2 ᠪᠣᠯᠭᠠᠨ ᠪᠠᠭᠠᠰᠬᠠᠪᠠ᠃ ︵ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ |