ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠵᠠᠭᠤᠨ ᠲᠦᠮᠡᠨ ᠺᠢᠯᠣᠸᠠᠲ ᠤᠨ ᠲᠠᠰ ᠤᠨ ᠬᠦᠷᠡᠩ | ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠂ ᠰᠢᠯᠢ ᠶᠢᠨ ᠭᠤᠣᠯ ᠠᠶᠢᠮᠠᠭ ᠠᠴᠠ ᠵᠢᠶᠠᠩᠰᠤ ᠶᠢᠨ | ᠳᠠᠶᠢᠵᠸᠦ ᠬᠦᠷᠬᠦ ± 800 ᠺᠢᠯᠣᠸᠤᠯᠲ ᠤᠨ ᠲᠣᠭᠲᠠᠮᠠᠯ ᠭᠦᠶᠦᠳᠡᠯᠲᠦ ᠣᠨᠴᠠ ᠥᠨᠳᠥᠷ ᠬᠦᠴᠦᠳᠡᠯᠲᠦ | ᠴᠠᠬᠢᠯᠭᠠᠨ ᠬᠦᠷᠭᠡᠬᠦ ᠬᠡᠯᠬᠢᠶ᠎ᠡ ᠶᠢᠨ ᠢᠵᠢ ᠪᠦᠷᠢᠳᠦᠭᠰᠡᠨ ᠴᠠᠬᠢᠯᠭᠠᠨ ᠡᠭᠦᠰᠬᠡᠭᠴᠢ - ᠰᠦ᠋ ᠨᠧᠩ ᠤᠨ ᠤᠯᠠᠭᠠᠢ | ᠴᠠᠬᠢᠯᠭᠠᠨ ᠦᠢᠯᠡᠳᠪᠦᠷᠢ ᠶᠢᠨ 2 × 100 ×ᠲᠦᠮᠡᠨ ᠺᠢᠯᠣᠸᠠᠲ ᠤᠨ ᠬᠦᠷᠡᠩ ᠨᠡᠭᠦᠷᠡᠰᠦ ᠪᠠᠷ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢᠨ 1 ᠨᠣᠮᠧᠷᠲᠤ ᠭᠦᠸᠧᠯᠦ ᠶᠢᠨ ᠤᠰᠤᠨ ᠤ ᠳᠠᠷᠤᠯᠲᠠ ᠶᠢᠨ ᠳᠠᠷᠤᠯᠲᠠ | ᠳᠡᠭᠡᠭᠰᠢᠯᠡᠬᠦᠯᠬᠦ ᠲᠤᠷᠰᠢᠯᠲᠠ ᠨᠢᠭᠡ ᠤᠳᠠᠭ᠎ᠠ ᠳᠤ ᠠᠮᠵᠢᠯᠲᠠ ᠣᠯᠵᠤ᠂ ᠰᠢᠰᠲ᠋ᠧᠮ ᠤᠨ ᠠᠵᠢᠯᠯᠠᠭᠠᠨ ᠲᠣᠭᠲᠠᠭᠤᠨ | ᠪᠠᠶᠢᠵᠤ᠂ ᠡᠯ᠎ᠡ ᠵᠦᠢᠯ ᠤᠨ ᠮᠡᠷᠭᠡᠵᠢᠯ ᠤᠨ ᠭᠦᠢᠴᠡᠳᠬᠡᠯ ᠲᠤᠭ᠎ᠠ ᠨᠢ ᠴᠥᠮ ᠱᠠᠭᠠᠷᠳᠠᠯᠭ᠎ᠠ ᠳᠤ ᠨᠡᠶᠢᠴᠡᠵᠦ᠂ ᠲᠣᠰ | ᠲᠥᠷᠥᠯ ᠵᠦᠢᠯ ᠤᠨ 1 ᠨᠣᠮᠧᠷᠲᠤ ᠮᠠᠰᠢᠨ ᠴᠣᠭᠴᠠᠯᠠᠪᠤᠷᠢ ᠶᠢᠨ ᠭᠦᠸᠧᠯᠦ ᠶᠢᠨ ᠭᠤᠣᠯ ᠴᠣᠭᠴᠠ ᠶᠢᠨ ᠤᠭᠰᠠᠷᠠᠯᠲᠠ | ᠳᠠᠭᠤᠰᠤᠭᠰᠠᠨ ᠢ ᠬᠠᠷᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ 2022 ᠣᠨ ᠤ 4 ᠰᠠᠷ᠎ᠠ ᠳᠤ ᠵᠢᠩᠬᠢᠨᠢ ᠪᠠᠷ ᠡᠬᠢᠯᠡᠨ | ᠪᠠᠶᠢᠭᠤᠯᠵᠤ᠂ ᠪᠥᠬᠦ ᠤᠯᠤᠰ ᠲᠤ ᠲᠠᠩ ᠮᠠᠰᠢᠨ ᠤ ᠬᠡᠪᠴᠢᠶ᠎ᠡ ᠪᠠᠷ ᠬᠠᠮᠤᠭ ᠤᠨ ᠶᠡᠭᠡ ᠵᠠᠭᠤᠨ ᠲᠦᠮᠡᠨ ᠺᠢᠯᠣᠸᠠᠲ ᠤᠨ | ᠲᠠᠰ ᠤᠨ ᠬᠦᠷᠡᠩ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠬᠠᠮᠤᠭ ᠤᠨ ᠲᠦᠷᠦᠭᠦᠨ ᠳᠤ | ᠪᠠᠶᠢᠭᠤᠯᠤᠭᠰᠠᠨ ᠪᠠᠶᠢᠨ᠎ᠠ᠃ ᠲᠦᠷᠦᠯ ᠵᠦᠢᠯ ᠤᠨ ᠪᠣᠯᠵᠣᠯᠲᠤ ᠲᠤᠭ᠎ᠠ ᠥᠨᠳᠥᠷ᠂ ᠪᠠᠭᠲᠠᠭᠠᠮᠵᠢ ᠶᠡᠭᠡ᠂ ᠪᠦᠬᠦ | ᠤᠯᠤᠰ ᠲᠤ ᠰᠢᠨ᠎ᠡ ᠬᠡᠯᠪᠡᠷᠢ ᠶᠢᠨ ᠬᠦᠷᠡᠩ ᠨᠡᠭᠦᠷᠡᠰᠦ ᠰᠢᠲᠠᠭᠠᠬᠤ ᠵᠡᠷᠭᠡ ᠮᠡᠷᠭᠡᠵᠢᠯ ᠢ ᠤᠷᠢᠳ ᠢᠶᠠᠷ ᠬᠡᠷᠡᠭᠯᠡᠵᠦ᠂ | ᠴᠢᠨᠠᠷ ᠮᠠᠭᠤ ᠤᠰᠤ ᠶᠡᠬᠡᠲᠡᠢ ᠬᠦᠷᠡᠩ ᠨᠡᠭᠦᠷᠡᠰᠦ ᠪᠠᠷ ᠨᠤᠨᠳᠠᠭ ᠬᠢᠬᠦ ᠮᠡᠷᠭᠡᠵᠢᠯ᠂ ᠰᠢᠲᠠᠭᠠᠬᠤ ᠮᠡᠷᠭᠡᠵᠢᠯ ᠳᠣᠣᠷ᠎ᠠ | ᠠᠽᠣᠲ ᠤᠨ ᠭᠠᠳᠠᠭᠰᠢᠯᠠᠭᠤᠯᠤᠯᠲᠠ ᠵᠡᠷᠭᠡ ᠮᠡᠷᠭᠡᠵᠢᠯ ᠤᠨ ᠠᠩᠬᠠᠨ ᠤ ᠵᠠᠮ ᠢ ᠨᠡᠭᠡᠭᠡᠵᠦ᠂ ᠲᠣᠮᠣ ᠬᠡᠯᠪᠡᠷᠢ ᠶᠢᠨ | ᠬᠦᠷᠡᠩ ᠨᠡᠭᠦᠷᠡᠰᠦ ᠶᠢᠨ ᠮᠠᠰᠢᠨ ᠴᠣᠭᠴᠠᠯᠠᠪᠤᠷᠢ ᠶᠢᠨ ᠵᠠᠩᠭᠢᠯᠠᠭ᠎ᠠ ᠶᠢᠨ ᠮᠡᠷᠭᠡᠵᠢᠯ ᠢ ᠠᠮᠵᠢᠯᠲᠠ ᠲᠠᠢ ᠪᠠᠷ ᠰᠢᠪᠲᠤᠯᠵᠤ᠂ | ᠮᠠᠨ ᠤ ᠤᠯᠤᠰ ᠤᠨ ᠵᠠᠭᠤᠨ ᠲᠦᠮᠡᠨ ᠳᠡᠰ ᠤᠨ ᠬᠦᠷᠡᠩ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢᠨ ᠬᠤᠭᠤᠰᠤᠨ ᠢ ᠨᠥᠬᠦᠪᠦᠷᠢᠯᠡᠪᠡ᠃ | ᠰᠢᠯᠢ ᠶᠢᠨ ᠭᠤᠣᠯ ᠠᠶᠢᠮᠠᠭ ᠨᠢ ᠤᠯᠤᠰ ᠠᠴᠠ ᠲᠥᠯᠥᠪᠵᠢᠭᠦᠯᠦᠭᠰᠡᠨ 14 ᠳ᠋ᠦᠩᠰᠢᠭᠤᠷ ᠲᠣᠨ ᠤ ᠳᠡᠰ ᠤᠨ | ᠲᠣᠮᠣ ᠬᠡᠯᠪᠡᠷᠢ ᠶᠢᠨ ᠨᠡᠭᠦᠷᠡᠰᠦᠨ ᠤ ᠰᠠᠭᠤᠷᠢᠨ ᠭᠠᠵᠠᠷ᠂ 9 ᠮᠢᠩᠭᠠᠨ ᠲᠦᠮᠡᠨ ᠺᠢᠯᠣᠸᠠᠲ ᠤᠨ ᠳᠡᠰ ᠤᠨ ᠲᠣᠮᠣ | ᠬᠡᠯᠪᠡᠷᠢ ᠶᠢᠨ ᠨᠡᠭᠦᠷᠡᠰᠦ ᠴᠠᠬᠢᠯᠭᠠᠨ ᠤ ᠰᠠᠭᠤᠷᠢᠨ ᠭᠠᠵᠠᠷ᠂ 9 ᠲᠣᠮᠣ ᠬᠡᠯᠪᠡᠷᠢ ᠶᠢᠨ ᠣᠳᠣ ᠦᠶ᠎ᠡ ᠶᠢᠨ ᠰᠠᠯᠬᠢᠨ | ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠨᠢᠭᠡ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ | ᠬᠠᠷᠠᠯᠲᠠ ᠶᠢ ᠴᠢᠭᠯᠡᠨ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ | ᠲᠥᠷᠥ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠨᠡᠭᠦᠷᠡᠰᠦ ᠴᠠᠬᠢᠯᠭᠠᠨ ᠤ ᠬᠠᠩᠭᠠᠯᠭ᠎ᠠ ᠪᠠᠲᠤᠯᠠᠭ᠎ᠠ ᠶᠢ ᠴᠢᠩᠭᠠᠳᠬᠠᠬᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ᠂ ᠡᠯᠪᠡᠭ ᠪᠠᠶᠠᠯᠢᠭ ᠨᠡᠭᠦᠷᠡᠰᠦᠨ ᠤ ᠡᠬᠢ | ᠪᠠᠶᠠᠯᠢᠭ ᠲᠤ ᠲᠦᠰᠢᠭᠯᠡᠵᠦ᠂ ᠵᠢᠷᠭᠤᠭᠠᠨ ᠶᠡᠭᠡ ᠠᠭᠤᠷᠬᠠᠢ ᠶᠢᠨ ᠠᠮᠠᠰᠠᠷ ᠤᠨ ᠴᠠᠬᠢᠯᠭᠠᠨ ᠥᠷᠲᠡᠭᠡ ᠶᠢᠨ ᠪᠥᠭᠡᠮᠨᠡᠷᠡᠯ ᠢ | ᠲᠥᠯᠥᠪᠵᠢᠭᠦᠯᠦᠨ ᠪᠠᠶᠢᠭᠤᠯᠵᠤ᠂ ᠢᠯᠴᠢ ᠴᠠᠬᠢᠯᠭᠠᠨ ᠤ ᠮᠠᠰᠢᠨ ᠴᠣᠭᠴᠠᠯᠠᠪᠤᠷᠢ 20 ᠶᠢ ᠪᠠᠶᠢᠭᠤᠯᠤᠨ ᠳᠠᠭᠤᠰᠬᠠᠵᠤ᠂ | ᠮᠠᠰᠢᠨ ᠴᠣᠭᠴᠠᠯᠠᠪᠤᠷᠢ 1700 ᠲᠦᠮᠡᠨ ᠺᠢᠯᠣᠸᠠᠲ ᠲᠤ ᠬᠦᠷᠴᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥ᠋ᠯᠦᠪᠵᠢᠭᠦᠯᠭᠡ ᠶᠢᠨ ᠰᠡᠭᠦᠯᠴᠢ ᠪᠤᠯᠬᠤ ᠳᠤ ᠢᠯᠴᠢ ᠴᠠᠬᠢᠯᠭᠠᠨ ᠤ ᠮᠠᠰᠢᠨ ᠴᠣᠭᠴᠠᠯᠠᠪᠤᠷᠢ 2100 ᠲᠦᠮᠡᠨ | ᠺᠢᠯᠣᠸᠠᠲ ᠲᠤ ᠬᠦᠷᠬᠦ ᠪᠣᠯᠣᠨ᠎ᠠ᠃ ᠡᠲᠡᠭᠡᠷ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢ ᠵᠠᠯᠭᠠᠭ᠎ᠠ ᠪᠠᠷ | ᠠᠰᠢᠭᠯᠠᠯᠲᠠ ᠳᠤ ᠣᠷᠣᠭᠤᠯᠬᠤ ᠶᠢ ᠳᠠᠭᠠᠯᠳᠤᠨ᠂ ᠰᠢᠯᠢ ᠶᠢᠨ ᠭᠤᠣᠯ ᠠᠶᠢᠮᠠᠭ ᠤᠯᠤᠰ ᠤᠨ ︽ᠪᠠᠷᠠᠭᠤᠨ ᠣᠷᠣᠨ ᠤ | ᠴᠠᠬᠢᠯᠭᠠᠨ ᠢ ᠵᠡᠭᠦᠨᠰᠢ ᠬᠦᠷᠭᠡᠬᠦ︾ ︽ᠤᠮᠠᠷᠠᠲᠤ ᠣᠷᠣᠨ ᠤ ᠴᠠᠬᠢᠯᠭᠠᠨ ᠢ ᠡᠮᠦᠨᠡᠰᠢ ᠬᠦᠷᠭᠡᠬᠦ︾ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ | ᠰᠢᠰᠲ᠋ᠧᠮ ᠢ ᠪᠠᠶᠢᠭᠤᠯᠵᠤ᠂ ᠬᠤᠯᠪᠣᠭᠳᠠᠯ ᠪᠦᠬᠦᠢ ᠮᠤᠵᠢ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠ | ᠠᠵᠤ ᠦᠢᠯᠡᠰ ᠤᠨ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠪᠡ᠃ 2023 ᠣᠨ ᠳᠤ᠂ ᠰᠢᠯᠢ ᠶᠢᠨ ᠭᠤᠣᠯ | ᠠᠶᠢᠮᠠᠭ ᠤᠨ ᠴᠠᠬᠢᠯᠭᠠᠨ ᠭᠠᠷᠭᠠᠭᠰᠠᠨ ᠶᠡᠷᠦᠩᠬᠡᠢ ᠬᠡᠮᠵᠢᠶ᠎ᠡ 1015 ᠳ᠋ᠦᠩᠰᠢᠭᠤᠷ ᠺᠢᠯᠣᠸᠠᠲ ᠴᠠᠭ ᠲᠤ ᠬᠦᠷᠴᠦ᠂ | ᠪᠡᠭᠡᠵᠢᠩ᠂ ᠤᠮᠠᠷᠠᠲᠤ ᠣᠷᠣᠨ ᠪᠠ ᠳᠣᠷᠣᠨᠠᠲᠤ ᠣᠷᠣᠨ ᠳᠤ 812 ᠳ᠋ᠦᠩᠰᠢᠭᠤᠷ ᠺᠢᠯᠣᠸᠠᠲ ᠴᠠᠭ ᠴᠠᠬᠢᠯᠭᠠᠨ | ᠬᠦᠷᠭᠡᠵᠦ᠂ ᠪᠣᠬᠢᠷᠳᠤᠯ ᠦᠭᠡᠢ ᠴᠠᠬᠢᠯᠭᠠᠨ ᠤ ᠡᠵᠡᠯᠡᠬᠦ ᠬᠠᠷᠢᠴᠠᠯ 31% ᠳᠤ ᠬᠦᠷᠴᠡᠢ᠃ | ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ᠂ | ᠰᠢᠯᠢ ᠶᠢᠨ ᠭᠤᠣᠯ ᠠᠶᠢᠮᠠᠭ ᠬᠦᠷᠡᠩ ᠨᠡᠭᠦᠷᠡᠰᠦᠨ ᠤ ᠤᠰᠤᠨ ᠤ ᠠᠭᠤᠯᠤᠭᠳᠠᠴᠠ ᠥᠨᠳᠥᠷ ᠵᠡᠷᠭᠡ ᠣᠨᠴᠠᠯᠢᠭ ᠲᠤ | ᠰᠠᠭᠤᠷᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠭᠤᠣᠯᠯᠠᠭᠴᠢ ᠮᠡᠷᠭᠡᠵᠢᠯ ᠤᠨ | ᠪᠣᠭᠤᠮᠲᠠ ᠰᠢᠪᠲᠤᠯᠬᠤ ᠠᠵᠢᠯ ᠢ ᠶᠡᠬᠡᠪᠡᠷ ᠠᠬᠢᠭᠤᠯᠵᠤ᠂ ᠬᠠᠮᠢᠶ᠎ᠠ ᠪᠦᠬᠦᠢ ᠠᠵᠤ ᠠᠬᠤᠶᠢᠯᠠᠯ᠂ ᠪᠠᠶᠢᠭᠤᠯᠤᠮᠵᠢ ᠲᠠᠢ | ᠬᠠᠮᠲᠤᠷᠠᠨ᠂ ᠬᠦᠷᠡᠩ ᠨᠡᠭᠦᠷᠡᠰᠦ ᠪᠠᠷ ᠤᠰᠤ ᠲᠠᠲᠠᠬᠤ ᠵᠡᠷᠭᠡ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠢ ᠰᠢᠪᠲᠤᠯᠵᠤ᠂ | ︽ᠬᠦᠷᠡᠩ ᠨᠡᠭᠦᠷᠡᠰᠦ +︾ ᠴᠠᠬᠢᠯᠭᠠᠨ ᠭᠠᠷᠭᠠᠬᠤ ᠣᠶᠢᠯᠠᠭᠠᠭᠳᠠᠬᠤᠨ ᠢ ᠳᠤᠷᠠᠳᠤᠨ ᠭᠠᠷᠭᠠᠵᠤ᠂ ᠴᠠᠬᠢᠯᠭᠠᠨ ᠭᠠᠷᠭᠠᠬᠤ | ᠶᠠᠪᠤᠴᠠ ᠳᠤ ︽ᠤᠰᠤ ᠦᠯᠦ ᠲᠠᠲᠠᠬᠤ︾᠂ ︽ᠦᠯᠦ ᠭᠠᠳᠠᠭᠰᠢᠯᠠᠭᠤᠯᠬᠤ︾ ᠶᠢ ᠪᠡᠶᠡᠯᠡᠭᠦᠯᠵᠦ᠂ ᠡᠯ᠎ᠡ ᠵᠦᠢᠯ ᠤᠨ | ᠮᠡᠷᠭᠡᠵᠢᠯ ᠤᠨ ᠭᠦᠢᠴᠡᠳᠬᠡᠯ ᠲᠤᠭ᠎ᠠ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠬᠦᠷᠪᠡ᠃ | ᠳᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠣᠯ ᠠᠶᠢᠮᠠᠭ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ | ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠲᠡᠮᠡᠴᠡᠯ ᠤᠨ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠰᠢᠨ᠎ᠡ | ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ︾ ᠪᠠᠶᠢᠷᠢᠯᠠᠭᠤᠯᠤᠯᠲᠠ ᠱᠠᠭᠠᠷᠳᠠᠯᠭ᠎ᠠ | ᠶᠣᠰᠣᠭᠠᠷ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ | ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠵᠢᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ ᠢᠨᠵᠧᠨᠧᠷᠢᠩ ᠢ ᠬᠡᠷᠡᠭᠵᠢᠭᠦᠯᠦᠨ᠂ ᠮᠡᠷᠭᠡᠵᠢᠯ ᠤᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠬᠤᠪᠢᠰᠤᠯᠲᠠ ᠶᠢᠨ ᠠᠰᠢᠭᠲᠠᠢ ᠪᠠᠶᠢᠷᠢ ᠶᠢ ᠲᠡᠮᠡᠴᠡᠨ ᠣᠯᠵᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠪᠣᠶ ᠪᠣᠯᠭᠠᠵᠤ᠂ ᠡᠨᠧᠷᠭᠢ ᠶᠢᠨ ᠮᠡᠷᠭᠡᠵᠢᠯ ᠤᠨ ᠰᠢᠨ᠎ᠡ ᠠᠷᠭ᠎ᠠ ᠵᠠᠮ᠂ ᠰᠢᠨ᠎ᠡ | ᠵᠠᠭᠪᠤᠷ ᠢ ᠬᠠᠮᠲᠤᠪᠠᠷ ᠬᠠᠶᠢᠨ ᠰᠦᠪᠡᠭᠴᠢᠯᠡᠵᠦ᠂ ᠡᠨᠧᠷᠭᠢ ᠶᠢᠨ ᠬᠡᠯᠪᠡᠷᠢ ᠶᠢᠨ ᠬᠤᠪᠢᠷᠠᠭᠤᠯᠤᠯᠲᠠ ᠪᠠ ᠪᠣᠬᠢᠷᠲᠤᠯ | ᠦᠭᠡᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃ |