1 ᠳ᠋ᠦ᠋ᠭᠡᠷ ᠰᠠᠷ᠎ᠠ ᠠᠴᠠ 8 ᠳ᠋ᠤᠭᠠᠷ ᠰᠠᠷ᠎ᠠ ᠳᠤ ᠮᠠᠨ ᠤ ᠣᠷᠣᠨ ᠤ ᠡᠵᠡᠩᠨᠡᠯᠲᠡ ᠶᠢᠨ ᠭᠤᠣᠯ ᠴᠣᠭᠴᠠ | ᠲᠣᠭᠲᠠᠭᠤᠨ ᠢᠶᠠᠷ ᠨᠡᠮᠡᠭᠳᠡᠪᠡ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠡᠵᠡᠩᠨᠡᠯᠲᠡ ᠶᠢᠨ ᠭᠤᠣᠯ | ᠴᠣᠭᠴᠠ ︵ᠬᠤᠪᠢᠶᠠᠷᠢ ᠰᠠᠯᠪᠤᠷᠢ ᠪᠠᠶᠢᠭᠤᠯᠤᠮᠵᠢ ᠨᠤᠭᠤᠳ ᠢ ᠪᠠᠭᠲᠠᠭᠠᠨ᠎ᠠ︶ ᠬᠥᠭᠵᠢᠭᠡᠳ 284.58 ᠲᠦᠮᠡᠨ ᠡᠷᠦᠬᠡ | ᠪᠣᠯᠵᠤ᠂ ᠠᠳᠠᠯᠢ ᠬᠤᠭᠤᠴᠠᠭᠠᠨ ᠤ ᠬᠢ ᠠᠴᠠ 7.26% ᠪᠠᠷ ᠨᠡᠮᠡᠭᠳᠡᠪᠡ᠂ ᠡᠭᠦᠨ ᠳᠤ 68.89 ᠲᠦᠮᠡᠨ ᠡᠷᠦᠬᠡ ᠠᠵᠤ | ᠠᠬᠤᠶᠢᠯᠠᠯ᠂ 208.63 ᠲᠦᠮᠡᠨ ᠡᠷᠦᠬᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ 7.06 ᠲᠦᠮᠡᠨ ᠡᠷᠦᠬᠡ | ᠲᠠᠷᠢᠶᠠᠴᠢᠳ ᠤᠨ ᠲᠤᠰᠬᠠᠢ ᠬᠤᠷᠰᠢᠶ᠎ᠠ ᠪᠣᠶ᠃ 1 ᠳ᠋ᠦ᠋ᠭᠡᠷ ᠰᠠᠷ᠎ᠠ ᠠᠴᠠ 8 ᠳ᠋ᠤᠭᠠᠷ ᠰᠠᠷ᠎ᠠ ᠳᠤ᠂ ᠪᠥᠬᠦ ᠣᠷᠣᠨ ᠳᠤ ᠨᠡᠶᠢᠲᠡ | 31.89 ᠲᠦᠮᠡᠨ ᠡᠷᠦᠬᠡ ᠡᠵᠡᠩᠨᠡᠯᠲᠡ ᠶᠢᠨ ᠭᠤᠣᠯ ᠴᠣᠭᠴᠠ ᠰᠢᠨ᠎ᠡ ᠪᠠᠷ ᠪᠠᠶᠢᠭᠤᠯᠤᠭᠳᠠᠵᠤ᠂ ᠠᠳᠠᠯᠢ ᠬᠤᠭᠤᠴᠠᠭᠠᠨ ᠤ | ᠬᠢ ᠠᠴᠠ 7.63% ᠪᠠᠷ ᠨᠡᠮᠡᠭᠳᠡᠵᠡᠢ᠂ ᠡᠭᠦᠨ ᠳᠤ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ 7.16 ᠲᠦᠮᠡᠨ | ᠡᠷᠦᠬᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 24.52 ᠲᠦᠮᠡᠨ ᠡᠷᠦᠬᠡ᠂ ᠲᠠᠷᠢᠶᠠᠴᠢᠳ ᠤᠨ ᠲᠤᠰᠬᠠᠢ | ᠬᠤᠷᠰᠢᠶ᠎ᠠ 2130 ᠡᠷᠦᠬᠡ ᠪᠣᠶ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠷᠠᠳ ᠠᠴᠠ | ᠡᠵᠡᠩᠨᠡᠭᠰᠡᠨ ᠠᠵᠤ ᠠᠬᠤᠢ ᠶᠢᠨ ᠭᠤᠣᠯ ᠴᠣᠭᠴᠠ ᠶᠢᠨ ᠶᠡᠷᠦᠩᠬᠡᠢ ᠬᠡᠮᠵᠢᠶ᠎ᠡ ︵ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ︶ ᠨᠢ 269.94 ᠲᠦᠮᠡᠨ ᠡᠷᠦᠬᠡ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 7.54% ᠪᠠᠷ ᠨᠡᠮᠡᠭᠳᠡᠨ᠂ ᠪᠥᠬᠦ ᠡᠵᠡᠩᠨᠡᠯᠲᠡ ᠶᠢᠨ ᠭᠤᠣᠯ ᠴᠣᠭᠴᠠ ᠶᠢᠨ 94. | 86% ᠶᠢ ᠡᠵᠡᠯᠡᠪᠡ᠃ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | | |