ᠰᠢᠯᠢ ᠶᠢᠨ ᠭᠤᠣᠯ ᠠᠶᠢᠮᠠᠭ ᠪᠥᠬᠦ ᠤᠯᠤᠰ ᠤᠨ ᠵᠠᠭᠤᠨ ᠲᠦᠮᠡᠨ ᠲᠠᠰ ᠤᠨ ᠬᠦᠷᠡᠩ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠤᠭᠤᠰᠤᠨ ᠢ ᠨᠥᠬᠦᠪᠦᠷᠢᠯᠡᠪᠡ
ᠨᠡᠶᠢᠲᠡᠯᠡᠭᠰᠡᠨ ᠴᠠᠭ᠄
2024/9/10
   ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠵᠠᠭᠤᠨ ᠲᠦᠮᠡᠨ ᠺᠢᠯᠣᠸᠠᠲ ᠤᠨ ᠲᠠᠰ ᠤᠨ ᠬᠦᠷᠡᠩ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠂ ᠰᠢᠯᠢ ᠶᠢᠨ ᠭᠤᠣᠯ ᠠᠶᠢᠮᠠᠭ  ᠠᠴᠠ ᠵᠢᠶᠠᠩᠰᠤ ᠶᠢᠨ ᠳᠠᠶᠢᠵᠸᠦ ᠬᠦᠷᠬᠦ ± 800 ᠺᠢᠯᠣᠸᠤᠯᠲ ᠤᠨ ᠲᠣᠭᠲᠠᠮᠠᠯ ᠭᠦᠶᠦᠳᠡᠯᠲᠦ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠬᠡᠯᠬᠢᠶ᠎ᠡ ᠶᠢᠨ ᠢᠵᠢ ᠪᠦᠷᠢᠳᠦᠭᠰᠡᠨ ᠴᠠᠬᠢᠯᠭᠠᠨ ᠡᠭᠦᠰᠬᠡᠭᠴᠢ -  ᠰᠦ᠋ ᠨᠧᠩ ᠤᠨ ᠤᠯᠠᠭᠠᠢ ᠴᠠᠬᠢᠯᠭᠠᠨ ᠦᠢᠯᠡᠳᠪᠦᠷᠢ ᠶᠢᠨ 2 × 100 ×ᠲᠦᠮᠡᠨ ᠺᠢᠯᠣᠸᠠᠲ ᠤᠨ ᠬᠦᠷᠡᠩ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ 1 ᠨᠣᠮᠧᠷᠲᠤ ᠭᠦᠸᠧᠯᠦ ᠶᠢᠨ ᠤᠰᠤᠨ ᠤ ᠳᠠᠷᠤᠯᠲᠠ ᠶᠢᠨ ᠳᠠᠷᠤᠯᠲᠠ ᠳᠡᠭᠡᠭᠰᠢᠯᠡᠬᠦᠯᠬᠦ ᠲᠤᠷᠰᠢᠯᠲᠠ ᠨᠢᠭᠡ ᠤᠳᠠᠭ᠎ᠠ ᠳᠤ ᠠᠮᠵᠢᠯᠲᠠ ᠣᠯᠵᠤ᠂ ᠰᠢᠰᠲ᠋ᠧᠮ ᠤᠨ ᠠᠵᠢᠯᠯᠠᠭᠠᠨ ᠲᠣᠭᠲᠠᠭᠤᠨ ᠪᠠᠶᠢᠵᠤ᠂ ᠡᠯ᠎ᠡ ᠵᠦᠢᠯ ᠤᠨ ᠮᠡᠷᠭᠡᠵᠢᠯ ᠤᠨ ᠭᠦᠢᠴᠡᠳᠬᠡᠯ ᠲᠤᠭ᠎ᠠ ᠨᠢ ᠴᠥᠮ ᠱᠠᠭᠠᠷᠳᠠᠯᠭ᠎ᠠ ᠳᠤ ᠨᠡᠶᠢᠴᠡᠵᠦ᠂ ᠲᠣᠰ ᠲᠥᠷᠥᠯ ᠵᠦᠢᠯ ᠤᠨ 1 ᠨᠣᠮᠧᠷᠲᠤ ᠮᠠᠰᠢᠨ ᠴᠣᠭᠴᠠᠯᠠᠪᠤᠷᠢ ᠶᠢᠨ ᠭᠦᠸᠧᠯᠦ ᠶᠢᠨ ᠭᠤᠣᠯ ᠴᠣᠭᠴᠠ ᠶᠢᠨ ᠤᠭᠰᠠᠷᠠᠯᠲᠠ ᠳᠠᠭᠤᠰᠤᠭᠰᠠᠨ ᠢ ᠬᠠᠷᠠᠭᠤᠯᠵᠤ ᠪᠠᠶᠢᠨ᠎ᠠ᠃          ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ 2022 ᠣᠨ ᠤ 4 ᠰᠠᠷ᠎ᠠ ᠳᠤ ᠵᠢᠩᠬᠢᠨᠢ ᠪᠠᠷ ᠡᠬᠢᠯᠡᠨ ᠪᠠᠶᠢᠭᠤᠯᠵᠤ᠂ ᠪᠥᠬᠦ ᠤᠯᠤᠰ ᠲᠤ ᠲᠠᠩ ᠮᠠᠰᠢᠨ ᠤ ᠬᠡᠪᠴᠢᠶ᠎ᠡ ᠪᠠᠷ ᠬᠠᠮᠤᠭ ᠤᠨ ᠶᠡᠭᠡ ᠵᠠᠭᠤᠨ ᠲᠦᠮᠡᠨ ᠺᠢᠯᠣᠸᠠᠲ ᠤᠨ ᠲᠠᠰ ᠤᠨ ᠬᠦᠷᠡᠩ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠬᠠᠮᠤᠭ ᠤᠨ ᠲᠦᠷᠦᠭᠦᠨ ᠳᠤ ᠪᠠᠶᠢᠭᠤᠯᠤᠭᠰᠠᠨ ᠪᠠᠶᠢᠨ᠎ᠠ᠃ ᠲᠦᠷᠦᠯ ᠵᠦᠢᠯ ᠤᠨ ᠪᠣᠯᠵᠣᠯᠲᠤ ᠲᠤᠭ᠎ᠠ ᠥᠨᠳᠥᠷ᠂ ᠪᠠᠭᠲᠠᠭᠠᠮᠵᠢ ᠶᠡᠭᠡ᠂ ᠪᠦᠬᠦ ᠤᠯᠤᠰ ᠲᠤ ᠰᠢᠨ᠎ᠡ ᠬᠡᠯᠪᠡᠷᠢ ᠶᠢᠨ ᠬᠦᠷᠡᠩ ᠨᠡᠭᠦᠷᠡᠰᠦ ᠰᠢᠲᠠᠭᠠᠬᠤ ᠵᠡᠷᠭᠡ ᠮᠡᠷᠭᠡᠵᠢᠯ ᠢ ᠤᠷᠢᠳ ᠢᠶᠠᠷ ᠬᠡᠷᠡᠭᠯᠡᠵᠦ᠂ ᠴᠢᠨᠠᠷ ᠮᠠᠭᠤ ᠤᠰᠤ ᠶᠡᠬᠡᠲᠡᠢ ᠬᠦᠷᠡᠩ ᠨᠡᠭᠦᠷᠡᠰᠦ ᠪᠠᠷ ᠨᠤᠨᠳᠠᠭ ᠬᠢᠬᠦ ᠮᠡᠷᠭᠡᠵᠢᠯ᠂ ᠰᠢᠲᠠᠭᠠᠬᠤ ᠮᠡᠷᠭᠡᠵᠢᠯ  ᠳᠣᠣᠷ᠎ᠠ ᠠᠽᠣᠲ ᠤᠨ ᠭᠠᠳᠠᠭᠰᠢᠯᠠᠭᠤᠯᠤᠯᠲᠠ ᠵᠡᠷᠭᠡ ᠮᠡᠷᠭᠡᠵᠢᠯ ᠤᠨ ᠠᠩᠬᠠᠨ ᠤ ᠵᠠᠮ ᠢ ᠨᠡᠭᠡᠭᠡᠵᠦ᠂ ᠲᠣᠮᠣ ᠬᠡᠯᠪᠡᠷᠢ ᠶᠢᠨ ᠬᠦᠷᠡᠩ ᠨᠡᠭᠦᠷᠡᠰᠦ ᠶᠢᠨ ᠮᠠᠰᠢᠨ ᠴᠣᠭᠴᠠᠯᠠᠪᠤᠷᠢ ᠶᠢᠨ ᠵᠠᠩᠭᠢᠯᠠᠭ᠎ᠠ ᠶᠢᠨ ᠮᠡᠷᠭᠡᠵᠢᠯ ᠢ ᠠᠮᠵᠢᠯᠲᠠ ᠲᠠᠢ ᠪᠠᠷ ᠰᠢᠪᠲᠤᠯᠵᠤ᠂ ᠮᠠᠨ ᠤ ᠤᠯᠤᠰ ᠤᠨ ᠵᠠᠭᠤᠨ ᠲᠦᠮᠡᠨ ᠳᠡᠰ ᠤᠨ ᠬᠦᠷᠡᠩ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠤᠭᠤᠰᠤᠨ ᠢ ᠨᠥᠬᠦᠪᠦᠷᠢᠯᠡᠪᠡ᠃        ᠰᠢᠯᠢ ᠶᠢᠨ ᠭᠤᠣᠯ ᠠᠶᠢᠮᠠᠭ ᠨᠢ ᠤᠯᠤᠰ ᠠᠴᠠ ᠲᠥᠯᠥᠪᠵᠢᠭᠦᠯᠦᠭᠰᠡᠨ 14 ᠳ᠋ᠦᠩᠰᠢᠭᠤᠷ ᠲᠣᠨ ᠤ ᠳᠡᠰ ᠤᠨ ᠲᠣᠮᠣ ᠬᠡᠯᠪᠡᠷᠢ ᠶᠢᠨ ᠨᠡᠭᠦᠷᠡᠰᠦᠨ ᠤ ᠰᠠᠭᠤᠷᠢᠨ ᠭᠠᠵᠠᠷ᠂ 9 ᠮᠢᠩᠭᠠᠨ ᠲᠦᠮᠡᠨ ᠺᠢᠯᠣᠸᠠᠲ ᠤᠨ ᠳᠡᠰ ᠤᠨ ᠲᠣᠮᠣ ᠬᠡᠯᠪᠡᠷᠢ ᠶᠢᠨ ᠨᠡᠭᠦᠷᠡᠰᠦ ᠴᠠᠬᠢᠯᠭᠠᠨ ᠤ ᠰᠠᠭᠤᠷᠢᠨ ᠭᠠᠵᠠᠷ᠂ 9 ᠲᠣᠮᠣ ᠬᠡᠯᠪᠡᠷᠢ ᠶᠢᠨ ᠣᠳᠣ ᠦᠶ᠎ᠡ ᠶᠢᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠨᠢᠭᠡ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠬᠠᠷᠠᠯᠲᠠ ᠶᠢ ᠴᠢᠭᠯᠡᠨ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠭᠦᠷᠡᠰᠦ ᠴᠠᠬᠢᠯᠭᠠᠨ ᠤ ᠬᠠᠩᠭᠠᠯᠭ᠎ᠠ ᠪᠠᠲᠤᠯᠠᠭ᠎ᠠ ᠶᠢ ᠴᠢᠩᠭᠠᠳᠬᠠᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ᠂ ᠡᠯᠪᠡᠭ ᠪᠠᠶᠠᠯᠢᠭ ᠨᠡᠭᠦᠷᠡᠰᠦᠨ ᠤ ᠡᠬᠢ ᠪᠠᠶᠠᠯᠢᠭ ᠲᠤ ᠲᠦᠰᠢᠭᠯᠡᠵᠦ᠂ ᠵᠢᠷᠭᠤᠭᠠᠨ ᠶᠡᠭᠡ ᠠᠭᠤᠷᠬᠠᠢ ᠶᠢᠨ ᠠᠮᠠᠰᠠᠷ ᠤᠨ ᠴᠠᠬᠢᠯᠭᠠᠨ ᠥᠷᠲᠡᠭᠡ ᠶᠢᠨ ᠪᠥᠭᠡᠮᠨᠡᠷᠡᠯ ᠢ ᠲᠥᠯᠥᠪᠵᠢᠭᠦᠯᠦᠨ ᠪᠠᠶᠢᠭᠤᠯᠵᠤ᠂ ᠢᠯᠴᠢ ᠴᠠᠬᠢᠯᠭᠠᠨ ᠤ ᠮᠠᠰᠢᠨ ᠴᠣᠭᠴᠠᠯᠠᠪᠤᠷᠢ 20 ᠶᠢ ᠪᠠᠶᠢᠭᠤᠯᠤᠨ ᠳᠠᠭᠤᠰᠬᠠᠵᠤ᠂ ᠮᠠᠰᠢᠨ ᠴᠣᠭᠴᠠᠯᠠᠪᠤᠷᠢ 1700 ᠲᠦᠮᠡᠨ ᠺᠢᠯᠣᠸᠠᠲ ᠲᠤ ᠬᠦᠷᠴᠦ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥ᠋ᠯᠦᠪᠵᠢᠭᠦᠯᠭᠡ ᠶᠢᠨ ᠰᠡᠭᠦᠯᠴᠢ ᠪᠤᠯᠬᠤ ᠳᠤ ᠢᠯᠴᠢ ᠴᠠᠬᠢᠯᠭᠠᠨ ᠤ ᠮᠠᠰᠢᠨ ᠴᠣᠭᠴᠠᠯᠠᠪᠤᠷᠢ 2100 ᠲᠦᠮᠡᠨ ᠺᠢᠯᠣᠸᠠᠲ ᠲᠤ ᠬᠦᠷᠬᠦ ᠪᠣᠯᠣᠨ᠎ᠠ᠃ ᠡᠲᠡᠭᠡᠷ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠬᠤ ᠶᠢ ᠳᠠᠭᠠᠯᠳᠤᠨ᠂ ᠰᠢᠯᠢ ᠶᠢᠨ ᠭᠤᠣᠯ ᠠᠶᠢᠮᠠᠭ ᠤᠯᠤᠰ ᠤᠨ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾ ︽ᠤᠮᠠᠷᠠᠲᠤ ᠣᠷᠣᠨ ᠤ ᠴᠠᠬᠢᠯᠭᠠᠨ ᠢ ᠡᠮᠦᠨᠡᠰᠢ ᠬᠦᠷᠭᠡᠬᠦ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠵᠤ᠂ ᠬᠤᠯᠪᠣᠭᠳᠠᠯ ᠪᠦᠬᠦᠢ ᠮᠤᠵᠢ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠ ᠠᠵᠤ ᠦᠢᠯᠡᠰ ᠤᠨ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠪᠡ᠃ 2023 ᠣᠨ ᠳᠤ᠂ ᠰᠢᠯᠢ ᠶᠢᠨ ᠭᠤᠣᠯ ᠠᠶᠢᠮᠠᠭ ᠤᠨ ᠴᠠᠬᠢᠯᠭᠠᠨ ᠭᠠᠷᠭᠠᠭᠰᠠᠨ ᠶᠡᠷᠦᠩᠬᠡᠢ ᠬᠡᠮᠵᠢᠶ᠎ᠡ 1015 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠡᠭᠡᠵᠢᠩ᠂ ᠤᠮᠠᠷᠠᠲᠤ ᠣᠷᠣᠨ ᠪᠠ ᠳᠣᠷᠣᠨᠠᠲᠤ ᠣᠷᠣᠨ ᠳᠤ 812 ᠳ᠋ᠦᠩᠰᠢᠭᠤᠷ ᠺᠢᠯᠣᠸᠠᠲ ᠴᠠᠭ ᠴᠠᠬᠢᠯᠭᠠᠨ ᠬᠦᠷᠭᠡᠵᠦ᠂ ᠪᠣᠬᠢᠷᠳᠤᠯ ᠦᠭᠡᠢ ᠴᠠᠬᠢᠯᠭᠠᠨ ᠤ ᠡᠵᠡᠯᠡᠬᠦ ᠬᠠᠷᠢᠴᠠᠯ 31% ᠳᠤ ᠬᠦᠷᠴᠡᠢ᠃           ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ᠂ ᠰᠢᠯᠢ ᠶᠢᠨ ᠭᠤᠣᠯ ᠠᠶᠢᠮᠠᠭ ᠬᠦᠷᠡᠩ ᠨᠡᠭᠦᠷᠡᠰᠦᠨ ᠤ ᠤᠰᠤᠨ ᠤ ᠠᠭᠤᠯᠤᠭᠳᠠᠴᠠ ᠥᠨᠳᠥᠷ ᠵᠡᠷᠭᠡ ᠣᠨᠴᠠᠯᠢᠭ ᠲᠤ ᠰᠠᠭᠤᠷᠢᠯᠠᠵᠤ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠶᠡᠬᠡᠪᠡᠷ ᠠᠬᠢᠭᠤᠯᠵᠤ᠂ ᠬᠠᠮᠢᠶ᠎ᠠ ᠪᠦᠬᠦᠢ ᠠᠵᠤ ᠠᠬᠤᠶᠢᠯᠠᠯ᠂ ᠪᠠᠶᠢᠭᠤᠯᠤᠮᠵᠢ ᠲᠠᠢ ᠬᠠᠮᠲᠤᠷᠠᠨ᠂ ᠬᠦᠷᠡᠩ ᠨᠡᠭᠦᠷᠡᠰᠦ ᠪᠠᠷ ᠤᠰᠤ ᠲᠠᠲᠠᠬᠤ ᠵᠡᠷᠭᠡ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠢ ᠰᠢᠪᠲᠤᠯᠵᠤ᠂ ︽ᠬᠦᠷᠡᠩ ᠨᠡᠭᠦᠷᠡᠰᠦ +︾ ᠴᠠᠬᠢᠯᠭᠠᠨ ᠭᠠᠷᠭᠠᠬᠤ ᠣᠶᠢᠯᠠᠭᠠᠭᠳᠠᠬᠤᠨ ᠢ ᠳᠤᠷᠠᠳᠤᠨ ᠭᠠᠷᠭᠠᠵᠤ᠂ ᠴᠠᠬᠢᠯᠭᠠᠨ ᠭᠠᠷᠭᠠᠬᠤ ᠶᠠᠪᠤᠴᠠ ᠳᠤ ︽ᠤᠰᠤ ᠦᠯᠦ ᠲᠠᠲᠠᠬᠤ︾᠂ ︽ᠦᠯᠦ ᠭᠠᠳᠠᠭᠰᠢᠯᠠᠭᠤᠯᠬᠤ︾ ᠶᠢ ᠪᠡᠶᠡᠯᠡᠭᠦᠯᠵᠦ᠂ ᠡᠯ᠎ᠡ ᠵᠦᠢᠯ ᠤᠨ ᠮᠡᠷᠭᠡᠵᠢᠯ ᠤᠨ ᠭᠦᠢᠴᠡᠳᠬᠡᠯ ᠲᠤᠭ᠎ᠠ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠬᠦᠷᠪᠡ᠃          ᠳᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠣᠯ ᠠᠶᠢᠮᠠᠭ ︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠪᠠ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠲᠡᠮᠡᠴᠡᠯ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠬᠤ︾ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ  ᠣᠷᠣᠨ ᠤ ᠳᠣᠲᠣᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ ᠢᠨᠵᠧᠨᠧᠷᠢᠩ ᠢ ᠬᠡᠷᠡᠭᠵᠢᠭᠦᠯᠦᠨ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠤᠪᠢᠰᠤᠯᠲᠠ ᠶᠢᠨ ᠠᠰᠢᠭᠲᠠᠢ ᠪᠠᠶᠢᠷᠢ ᠶᠢ ᠲᠡᠮᠡᠴᠡᠨ ᠣᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶ ᠪᠣᠯᠭᠠᠵᠤ᠂ ᠡᠨᠧᠷᠭᠢ ᠶᠢᠨ ᠮᠡᠷᠭᠡᠵᠢᠯ ᠤᠨ ᠰᠢᠨ᠎ᠡ ᠠᠷᠭ᠎ᠠ ᠵᠠᠮ᠂ ᠰᠢᠨ᠎ᠡ ᠵᠠᠭᠪᠤᠷ ᠢ ᠬᠠᠮᠲᠤᠪᠠᠷ ᠬᠠᠶᠢᠨ ᠰᠦᠪᠡᠭᠴᠢᠯᠡᠵᠦ᠂ ᠡᠨᠧᠷᠭᠢ ᠶᠢᠨ ᠬᠡᠯᠪᠡᠷᠢ ᠶᠢᠨ ᠬᠤᠪᠢᠷᠠᠭᠤᠯᠤᠯᠲᠠ ᠪᠠ ᠪᠣᠬᠢᠷᠲᠤᠯ ᠦᠭᠡᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃  
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ  ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号