ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠤᠳᠠᠭᠠᠨ ᠤ ︽ᠰᠢᠨ᠎ᠡ ᠴᠠᠭ ᠶᠢᠨ ᠦᠶ᠎ᠡ ᠶᠢᠨ ᠪᠣᠯᠪᠠᠰᠤᠨ ᠎ ᠤ ᠦᠢᠯᠡᠳᠦᠯᠭᠡ︾ ᠬᠤᠨᠳᠠᠭᠠᠲᠤ ᠲᠣᠣᠷ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/9/11
    ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ  ᠭᠦᠷᠴᠦ ᠢᠷᠡᠬᠦ ᠲᠠᠰᠢᠷᠡᠮ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 7᠎ ᠤ ᠡᠳᠦᠷ ᠠᠴᠠ 8᠎ ᠤ ᠡᠳᠦᠷ ᠬᠦᠷᠳᠡᠯ᠎ᠡ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠬᠠᠮᠲᠤᠷᠠᠨ᠂ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠤᠭᠠᠷ ᠤᠳᠠᠭᠠᠨ ᠤ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ︾ ᠲᠣᠣᠷ ᠪᠥᠮᠪᠦᠭᠡ ᠶᠢᠨ ᠤᠷᠤᠯᠳᠤᠭᠠᠨ ᠢ ᠡᠷᠬᠢᠯᠠᠨ ᠶᠠᠪᠤᠭᠳᠠᠭᠤᠯᠪᠠ᠃
   
  ᠲᠤᠰ ᠤᠳᠠᠭᠠᠨ ᠤ ᠤᠷᠤᠯᠳᠤᠭᠠᠨ ᠳᠤ ᠲᠤᠮᠤᠴᠣᠳ ᠤᠨ ᠬᠤᠣᠰᠯᠠᠨ ᠴᠣᠬᠢᠬᠤ ᠪᠠ ᠵᠠᠯᠠᠭᠤᠴᠤᠳ ᠪᠠᠭᠠᠴᠤᠳ ᠤᠨ U10 ᠬᠤᠪᠢ ᠬᠥᠮᠥᠨ ᠤ ᠭᠠᠭᠴᠠᠭᠠᠷ ᠴᠣᠬᠢᠬᠤ ᠤᠷᠤᠯᠳᠤᠭᠠᠨ ᠤ ᠬᠤᠶᠠᠷ ᠵᠦᠢᠯ ᠢ  ᠲᠤᠬᠢᠷᠠᠭᠤᠯᠤᠨ᠂ ᠺᠠᠳ᠋ᠷ ᠤᠯᠠᠨ ᠲᠦᠮᠡᠨ ᠵᠢᠴᠢ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠬᠥᠳᠡᠯᠭᠡᠭᠡᠨ ᠳᠤ ᠣᠷᠣᠯᠴᠠᠬᠤ ᠤᠷᠮ᠎ᠠ ᠵᠣᠷᠢᠭ ᠢ ᠭᠦᠢᠴᠡᠳ ᠬᠥᠭᠵᠢᠭᠡᠵᠦ᠂  ᠪᠦᠬᠦ ᠠᠷᠠᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠷᠡᠭᠦᠯ ᠥᠭᠡᠳᠡᠷᠬᠡᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠠᠭᠤᠷ ᠠᠮᠢᠰᠬᠤᠯ ᠢ ᠢᠳᠡᠪᠬᠢᠲᠡᠢ ᠪᠤᠢ ᠪᠤᠯᠭᠠᠭᠰᠠᠨ ᠪᠠᠶᠢᠨ᠎ᠠ᠃     ᠬᠤᠶᠠᠷ ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠲᠠᠮᠵᠢᠨ᠂ ᠲᠤᠮᠤᠴᠣᠳ ᠤᠨ ᠬᠤᠣᠰᠯᠠᠨ ᠴᠣᠬᠢᠬᠤ ᠤᠷᠤᠯᠳᠤᠭᠠᠨ ᠳᠤ ᠪᠠᠢ ᠶᠢᠨ ᠵᠤᠸᠠᠩ᠂  ᠴᠠᠩᠬᠡᠯ  ᠲᠠᠷᠢᠭᠦᠯᠠᠵᠦ᠂ ᠵᠠᠯᠠᠭᠤ ᠪᠠᠭᠠᠴᠤᠳ ᠤᠨ U10 ᠬᠤᠪᠢ ᠬᠥᠮᠥᠨ ᠤ ᠭᠠᠭᠴᠠ ᠪᠠᠷ ᠴᠣᠬᠢᠬᠤ ᠤᠷᠤᠯᠳᠤᠭᠠᠨ ᠳᠤ ᠮᠠ ᠷᠦᠢ ᠵᠢᠶᠧ  ᠲᠠᠷᠢᠬᠦᠯᠡᠪᠡ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号