ᠠᠷᠠᠳ ᠤᠨ ᠪᠠᠭᠰᠢ ᠶᠢᠨ ᠭᠤᠴᠢᠨ ᠵᠢᠯ ᠤᠨ ᠪᠠᠷᠢᠮᠲᠠᠯᠠᠯ
ᠨᠡᠶᠢᠲᠡᠯᠡᠭᠰᠡᠨ ᠴᠠᠭ᠄
2024/9/11
   ᠭᠤᠴᠢᠨ ᠵᠢᠯ ᠤᠨ ᠰᠢᠷᠭᠠᠭᠤ ᠴᠢᠷᠮᠠᠶᠢᠯᠭ᠎ᠠ  ᠂ ᠭᠤᠴᠢᠨ ᠵᠢᠯ ᠤᠨ ᠬᠦᠴᠦᠨ ᠵᠢᠳᠬᠦᠯ ᠪᠠᠢ ᠰᠢᠶᠣᠣ ᠬᠤᠸᠠ ᠪᠠᠭᠰᠢ ᠳᠤ ᠣᠯᠣᠯᠲᠠ ᠲᠤᠷᠰᠢᠯᠭ᠎ᠠ᠂ ᠠᠮᠵᠢᠯᠲᠠ ᠪᠦᠲᠦᠭᠡᠯ ᠎ ᠤᠨ ᠠᠴᠢ ᠬᠠᠷᠢᠭᠤᠯᠠᠯ  ᠪᠡᠯᠭᠡᠯᠡᠭᠰᠡᠨ ᠶᠤᠮ᠃
    ᠪᠠᠢ ᠰᠢᠶᠣᠣ ᠬᠤᠸᠠ ᠪᠣᠯ ᠪᠠᠷᠠᠭᠤᠨ ᠦᠵᠦᠮᠦᠴᠢᠨ ᠬᠤᠰᠢᠭᠤᠨ ᠤ ᠨᠢᠭᠡᠳᠦᠭᠡᠷ ᠪᠠᠭ᠎ᠠ ᠰᠣᠷᠭᠠᠭᠤᠯᠢ ᠶᠢᠨ ᠪᠠᠭᠰᠢ  ᠃ ᠲᠡᠷᠡᠪᠡᠷ 1992 ᠣᠨ ᠳᠤ ᠠᠷᠠᠳ ᠤᠨ ᠪᠠᠭᠰᠢ ᠶᠢᠨ ᠠᠵᠢᠯ ᠤᠨ ᠭᠠᠷᠤᠭ᠎ᠠ ᠠᠪᠴᠤ᠂ ᠣᠲᠣ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠶᠢᠨ ᠠᠵᠢᠯ ᠢ ᠬᠠᠷᠢᠭᠤᠴᠠᠵᠤ ᠪᠠᠶᠢᠬᠤ ᠪᠥᠭᠡᠳ ᠠᠶᠢᠮᠠᠭ ᠤᠨ ᠲᠠᠰ᠂ ᠬᠤᠰᠢᠭᠤ ᠲᠠᠰ ᠤᠨ ᠨᠠᠷᠠᠲᠤ ᠪᠠᠭᠰᠢ ᠶᠢᠨ ᠠᠵᠢᠯ ᠤᠨ ᠲᠠᠰᠤᠭ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠣᠶ᠃
    ᠪᠠᠢ ᠰᠢᠶᠣᠣ ᠬᠤᠸᠠ ᠣᠯᠠᠨ ᠵᠢᠯ ᠦᠨᠳᠦᠰᠦᠨ ᠱᠠᠲᠤᠨ ᠤ ᠰᠣᠷᠭᠠᠨ ᠬᠦᠮᠦᠵᠢᠯ ᠤᠨ ᠡᠩᠨᠡᠭᠡᠨ ᠳᠤ ᠭᠠᠪᠰᠢᠭᠠᠶᠢᠯᠠᠨ ᠠᠵᠢᠯᠯᠠᠵᠤ᠂ ᠦᠢ  ᠣᠯᠠᠨ ᠬᠡᠣᠬᠡᠳ ᠢ ᠠᠯᠠᠭᠴᠢᠯᠠᠯ ᠦᠭᠡᠢ ᠲᠤᠲᠤᠨᠤᠴᠢᠯᠠᠨ ᠬᠠᠶᠢᠷᠠᠯᠠᠵᠤ  ᠂ ᠡᠷᠳᠡᠮ ᠨᠣᠮ ᠤᠨ ᠠᠷᠢᠭᠤᠨ ᠰᠢᠮ᠎ᠡ ᠶᠢ ᠬᠦᠷᠲᠡᠭᠡᠨ᠂  ᠰᠣᠶᠤᠯ ᠮᠡᠳᠡᠯᠭᠡ ᠶᠢᠨ ᠠᠯᠲᠠᠨ ᠵᠢᠯᠣᠭᠤ ᠶᠢ ᠠᠳᠬᠤᠭᠤᠯᠤᠭᠰᠠᠨ ᠪᠢᠯᠡ  ᠃ ᠵᠢᠭᠠᠨ ᠰᠣᠷᠭᠠᠯᠲᠠ ᠶᠢᠨ ᠠᠵᠢᠯ ᠤᠨ ᠳᠤᠮᠳᠠ ᠪᠠᠨ ᠲᠡᠷᠡ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠦᠷ᠎ᠡ ᠪᠦᠲᠦᠮᠵᠢ ᠭᠠᠷᠭᠠᠬᠤ ᠶᠢ ᠵᠣᠷᠢᠳᠠᠭ᠃ ᠲᠡᠷᠡ ᠣᠯᠠᠨ ᠤᠳᠠᠭᠠᠨ ᠤ ᠲᠤᠰᠬᠠᠢ ᠰᠡᠳᠦᠪ ᠤᠨ ᠲᠠᠶᠢᠯᠤᠮᠵᠢ ᠳᠤ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠤᠳᠬ᠎ᠠ ᠣᠴᠢᠷ ᠢ ᠭᠥᠨᠵᠡᠭᠡᠢ ᠣᠶᠢᠯᠠᠭᠠᠵᠤ᠂ ᠤᠳᠠᠭ᠎ᠠ ᠪᠦᠷᠢ ᠎ ᠶᠢᠨ ᠰᠣᠯᠢᠯᠴᠠᠭ᠎ᠠ ᠰᠤᠷᠤᠯᠴᠠᠯᠭ᠎ᠠ ᠳᠤ ᠰᠢᠨ᠎ᠡ ᠮᠡᠳᠡᠯᠭᠡ  ᠮᠡᠷᠭᠡᠵᠢᠯ  ᠬᠤᠷᠠᠮᠳᠤᠭᠤᠯᠬᠤ ᠶᠢ ᠬᠢᠴᠢᠶᠡᠨ ᠣᠷᠣᠯᠳᠣᠵᠤ᠂ ᠤᠳᠠᠭ᠎ᠠ ᠪᠦᠷᠢ ᠶᠢᠨ ᠬᠢᠴᠢᠶᠡᠯ ᠤᠨ ᠲᠠᠩᠬᠢᠮ ᠤᠨ ᠦᠢᠯᠡᠳᠦᠯᠭᠡ ᠳᠤᠮᠳᠠ ᠪᠠᠨ ᠥᠪᠡᠷ ᠤᠨ ᠵᠢᠯᠤᠭᠤᠳᠬᠤ ᠴᠢᠳᠠᠪᠤᠷᠢ ᠪᠠᠨ ᠳᠡᠭᠡᠭᠰᠢᠯᠡᠭᠦᠯᠵᠦ ᠪᠠᠶᠢᠳᠠᠭ᠃ ᠦᠵᠡᠯ ᠰᠠᠨᠠᠭᠠᠨ ᠤ ᠲᠠᠯ᠎ᠠ ᠪᠠᠷ  ᠪᠠᠢ ᠰᠢᠶᠣᠣ ᠬᠤᠸᠠ ᠠᠯᠬᠤᠮ ᠲᠠᠪᠰᠢᠬᠤ ᠶᠢ  ᠴᠢᠩᠭ᠎ᠠ ᠱᠠᠭᠠᠷᠳᠠᠵᠤ᠂  ᠰᠢᠷᠭᠠᠭᠤ ᠬᠠᠲᠠᠭᠤᠵᠢᠯᠲᠠᠢ ᠪᠠᠷ ᠠᠵᠢᠯᠯᠠᠵᠤ᠂ ᠵᠣᠪᠠᠭᠤᠷᠢ ᠵᠦᠳᠡᠭᠦᠷᠢ ᠶᠢ ᠬᠦᠯᠢᠴᠡᠨ  ᠲᠡᠰᠪᠦᠷᠢᠯᠡᠳᠡᠭ᠃
   ᠵᠢᠠᠭᠠᠨ ᠰᠣᠷᠭᠠᠯᠲᠠ ᠶᠢᠨ ᠳᠣᠮᠳᠠ ᠬᠠᠮᠤᠭ ᠪᠠᠷᠢᠮᠲᠠᠯᠠᠲᠠᠭ ᠵᠦᠢᠯ  ᠄    ᠪᠠᠢ ᠰᠢᠶᠣᠣ ᠬᠤᠸᠠ ᠨᠠᠮ ᠤᠨ ᠰᠤᠷᠭᠠᠨ ᠬᠥᠮᠦᠵᠢᠯ ᠤᠨ ᠦᠢᠯᠡᠰ ᠢ ᠬᠠᠶᠢᠷᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠭᠰᠢ ᠶᠢᠨ ᠡᠭᠦᠷᠭᠡ ᠬᠠᠷᠢᠭᠤᠴᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠪᠠᠭᠰᠢ ᠶᠢᠨ ᠶᠣᠰᠣ ᠮᠣᠷᠠᠯ ᠬᠡᠪ ᠪᠣᠯᠪᠠᠰᠤᠷᠠᠯ ᠢ ᠡᠯ᠎ᠡ ᠵᠦᠢᠯ ᠤᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠳᠠᠭ᠃    ᠪᠠᠭᠰᠢ ᠬᠦᠮᠦᠨ ᠵᠠᠪᠠᠯ ᠬᠠᠷᠢᠭᠤᠯᠴᠠᠭ᠎ᠠ ᠲᠠᠢ ᠪᠠᠶᠢᠬᠤ ᠬᠡᠷᠡᠭᠲᠡᠢ᠃ ᠰᠣᠷᠤᠭᠴᠢᠳ ᠲᠤ ᠬᠠᠷᠢᠭᠤᠴᠠᠵᠤ  ᠂ ᠨᠡᠶᠢᠭᠡᠮ ᠳᠤ ᠬᠠᠷᠢᠭᠤᠴᠠᠵᠤ  ᠂ ᠭᠡᠷ ᠤᠨ ᠠᠬᠠᠮᠠᠳ ᠲᠤ ᠬᠠᠷᠢᠭᠤᠴᠠᠨ᠎ᠠ  ᠃    ᠰᠣᠷᠣᠬᠴᠢᠳ ᠢᠶᠠᠨ ᠣᠶᠢᠯᠠᠭᠠᠵᠤ  ᠂  ᠰᠣᠷᠣᠭᠴᠢᠳ ᠲᠠᠢ ᠪᠠᠨ ᠣᠶᠢᠷ᠎ᠠ ᠳᠤᠲᠤᠨᠤ ᠪᠠᠶᠢᠵᠤ  ᠂ ᠰᠣᠷᠣᠭᠴᠢᠳ ᠤᠨ  ᠰᠣᠷᠣᠯᠭ᠎ᠠ ᠮᠣᠷᠠᠯ  ᠂ ᠵᠠᠩ ᠴᠢᠨᠠᠷ  ᠂ ᠠᠮᠢᠳᠣᠷᠠᠯ ᠤᠨ ᠳᠠᠳᠬᠠᠯ  ᠵᠡᠷᠭᠡ ᠪᠥᠬᠦ ᠲᠠᠯ᠎ᠠ ᠶᠢ ᠣᠶᠢᠯᠠᠭᠠᠵᠤ ᠬᠠᠷᠠᠭᠠᠯᠵᠠᠨ ᠬᠠᠯᠠᠮᠵᠢᠯᠠᠬᠤ ᠪᠣᠯ ᠬᠠᠮᠤᠭ ᠤᠨ ᠴᠢᠬᠤᠯᠠ ᠮᠦᠷᠲᠡᠭᠡᠨ ᠡᠳᠡᠭᠡᠷ ᠵᠦᠢᠯ ᠤᠨ ᠣᠷᠢᠳᠠᠯ ᠰᠠᠭᠤᠷᠢ ᠪᠣᠯ ᠰᠣᠷᠣᠭᠴᠢᠳ ᠢᠶᠠᠨ ᠬᠠᠶᠢᠷᠠᠯᠠᠬᠤ  ᠶᠠᠪᠤᠳᠠᠯ ᠪᠣᠯᠣᠨ᠎ᠠ ᠭᠡᠵᠦ ᠪᠠᠢ ᠰᠢᠶᠣᠣ ᠬᠤᠸᠠ ᠦᠵᠡᠳᠡᠭ ᠪᠦᠭᠡᠳ ᠢᠩᠭᠢᠵᠦ ᠬᠢᠵᠦ ᠢᠷᠡᠵᠡᠢ  ᠃    ᠢᠷᠠᠭᠤ ᠠᠯᠳᠠᠷ ᠤᠨ ᠰᠠᠮᠪᠠᠷ᠎ᠠ  ᠄    ᠪᠠᠢ ᠰᠢᠶᠣᠣ ᠬᠤᠸᠠ ᠥᠪᠡᠷᠲᠡᠭᠡᠨ ᠵᠠᠰᠠᠬᠤ ᠣᠷᠣᠨ ᠤ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠰᠢᠨ᠎ᠡ  ᠶᠢ ᠡᠭᠦᠳᠬᠦ ᠬᠢᠴᠢᠶᠡᠯ ᠤᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠬᠡᠯᠡ ᠪᠢᠴᠢᠭ ᠤᠨ ᠬᠢᠴᠢᠶᠡᠯᠯᠡᠭᠡ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠢ ᠬᠥᠷᠲᠡᠭᠰᠡᠨ ᠮᠦᠷᠲᠡᠭᠡᠨ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ︽ᠵᠢᠱᠢᠶ᠎ᠡ ᠦᠵᠡᠭᠦᠯᠬᠦ  ᠪᠠᠭᠰᠢ︾᠂ ᠰᠢᠯᠢ ᠶᠢᠨ ᠭᠤᠣᠯ ᠠᠶᠢᠮᠠᠭ ᠤᠨ ︽ᠲᠡᠷᠢᠭᠦᠨ ᠤ ᠰᠤᠷᠭᠠᠨ ᠬᠥᠮᠦᠵᠢᠯ ᠤᠨ ᠠᠵᠢᠯᠲᠠᠨ︾ ︵ᠠᠶᠢᠮᠠᠭ ᠤᠨ ᠲᠠᠰ ᠤᠨ ᠬᠥᠳᠡᠯᠮᠦᠷᠢ ᠶᠢᠨ ᠵᠢᠱᠢᠶᠡᠴᠢ︶᠂ ᠰᠢᠯᠢ ᠶᠢᠨ ᠭᠤᠣᠯ ᠠᠶᠢᠮᠠᠭ ᠤᠨ ᠨᠠᠷᠠᠲᠤ ᠪᠠᠭᠰᠢ᠂ ᠪᠠᠷᠠᠭᠤᠨ ᠦᠵᠦᠮᠦᠴᠢᠨ ᠬᠤᠰᠢᠭᠤᠨ ᠤ ᠠᠩᠬᠠᠨ ᠤ ᠪᠦᠯᠦᠭ  ᠨᠠᠷᠠᠲᠤ ᠪᠠᠭᠰᠢ᠂ ᠬᠤᠰᠢᠭᠤ ᠲᠡᠰ ᠤᠨ ︽ᠰᠢᠨᠵᠢᠯᠡᠭᠡᠨ ᠰᠠᠯᠠᠭᠠᠨ ᠤ ᠳᠠᠭᠠᠭᠤᠯᠤᠭᠴᠢ︾ ︽ᠵᠢᠭᠠᠨ ᠰᠤᠷᠭᠠᠬᠤ ᠴᠢᠳᠠᠪᠤᠷᠢᠲᠠᠨ︾ ︽ᠰᠢᠯᠢᠳᠡᠭ ᠪᠠᠭᠰᠢ︾ ︽ᠭᠤᠷᠪᠠᠨ ᠰᠠᠷ᠎ᠠ ᠶᠢᠨ ᠨᠠᠢᠮᠠᠨ ᠤ ᠤᠯᠠᠭᠠᠨ ᠲᠤᠭᠴᠢ︾ ᠵᠡᠷᠭᠡ ᠢᠷᠠᠭᠤ ᠠᠯᠳᠠᠷ ᠢ ᠬᠦᠷᠲᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号