ᠪᠠᠷᠠᠭᠤᠨ ᠦᠵᠦᠮᠦᠴᠢᠨ ᠬᠤᠰᠢᠭᠤ 2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠲᠤᠰᠬᠠᠢ ᠰᠡᠳᠦᠪᠲᠦ ᠪᠤᠯᠪᠠᠰᠣᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/9/11
    9 ᠰᠠᠷ᠎ᠠ ᠶᠢᠨ 9᠎ ᠤ ᠡᠳᠦᠷ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂  ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠬᠠᠮᠲᠤᠷᠠᠨ᠂ ᠪᠠᠷᠠᠭᠤᠨ ᠦᠵᠦᠮᠦᠴᠢᠨ ᠬᠤᠰᠢᠭᠤ 2024 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠲᠤᠰᠬᠠᠢ ᠰᠡᠳᠦᠪᠲᠦ ᠪᠤᠯᠪᠠᠰᠣᠷᠠᠯ ᠡᠷᠬᠢᠯᠠᠨ ᠶᠠᠪᠤᠭᠳᠠᠭᠤᠯᠪᠠ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ  ᠶᠠᠷᠢᠶᠠᠨ ᠳᠠᠭᠠᠨ᠄ ᠡᠯ᠎ᠡ ᠰᠤᠮᠤ  ᠪᠠᠯᠭᠠᠰᠣ᠂  ᠰᠠᠯᠠᠭ᠎ᠠ ᠮᠥᠴᠢᠷ ᠨᠢ ᠲᠤᠰ ᠤᠳᠠᠭᠠᠨ ᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠵᠥᠪ ᠣᠨᠣᠪᠴᠢᠲᠠᠶ ᠰᠦᠯᠵᠢᠶᠡᠨ ᠤ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠦᠯᠵᠢᠶᠡᠨ ᠤ ᠠᠮᠤᠷ ᠲᠦᠪᠰᠢᠨ ᠤ ᠲᠦᠭᠰᠢᠭᠦᠷᠢ ᠶᠢᠨ ᠪᠠᠶᠢᠴᠠᠭᠠᠯᠲᠠ  ᠶᠢ ᠥᠷᠨᠢᠭᠦᠯᠵᠦ᠂ ᠪᠥᠬᠦ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠤᠭᠴᠠᠯᠠᠬᠤ ᠬᠡᠷᠡᠭᠳᠠᠢ᠃ ᠰᠦᠯᠵᠢᠶᠡᠨ ᠤ ᠠᠮᠤᠷ ᠲᠦᠪᠰᠢᠨ ᠢ ᠨᠡᠶᠢᠭᠡᠮ ᠲᠣᠭᠤᠷᠢᠭ ᠲᠤ ᠣᠷᠣᠭᠤᠯᠬᠤ᠂ ᠮᠠᠯᠵᠢᠬᠤ ᠣᠷᠣᠨ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠵᠡᠷᠭᠡ ᠣᠯᠠᠨ ᠬᠡᠯᠪᠡᠷᠢ ᠶᠢᠨ ᠲᠦᠭᠡᠮᠡᠯᠵᠢᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠪᠠ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠡᠢ  ᠃     ᠲᠣᠰ ᠠᠵᠢᠯᠯᠠᠭ᠎ᠠ ᠳᠤ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠰᠠᠯᠪᠤᠷᠢ ᠠᠩᠭᠢ ᠶᠢᠨ ᠠᠷᠠᠳ ᠤᠨ ᠴᠠᠭᠳᠠᠭ᠎ᠠ ᠵᠠᠩ ᠵᠢᠶᠠᠨ ᠬᠤᠸᠠ ᠶᠢ ᠤᠷᠢᠵᠤ  ᠂ ᠳᠤᠮᠳᠠᠳᠤ ᠤᠯᠤᠰ ᠤᠨ ᠰᠦᠯᠵᠢᠶᠡᠨ ᠤ ᠬᠥᠭᠵᠢᠯᠲᠡ ᠶᠢᠨ ᠶᠠᠪᠤᠴᠠ᠂ ᠲᠤᠭ᠎ᠠ ᠪᠠᠷᠢᠮᠲᠠ ᠶᠢᠨ ᠠᠮᠤᠷ ᠲᠦᠪᠰᠢᠨ᠂ ᠪᠠᠶᠢᠩᠭᠤ ᠲᠣᠬᠢᠶᠠᠯᠳᠤᠬᠤ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠪᠠᠷᠢᠯ᠂ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ᠂ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠠᠭᠤᠯᠭ᠎ᠠ ᠳᠤ ᠰᠢᠰᠲ᠋ᠧᠮ ᠲᠠᠢ  ᠲᠠᠶᠢᠯᠪᠤᠷᠢᠯᠠᠯᠳᠠ  ᠬᠢᠯᠬᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号