ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠭᠦᠷᠴᠦ ᠢᠷᠡᠬᠦ ᠲᠠᠰᠢᠷᠡᠮ ᠳᠤ᠂ ᠰᠢ ᠶᠢᠨ ᠫᠢᠩ | ᠶᠡᠷᠦᠩᠬᠡᠢ ᠱᠦᠵᠢ ᠶᠢᠨ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | 9 ᠰᠠᠷ᠎ᠠ ᠶᠢᠨ 7 ᠤ ᠡᠳᠦᠷ ᠠᠴᠠ 8 ᠤ ᠡᠳᠦᠷ ᠬᠦᠷᠳᠡᠯ᠎ᠡ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠵᠢᠴᠢ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠬᠠᠮᠲᠤᠷᠠᠨ᠂ ᠪᠠᠷᠠᠭᠤᠨ ᠦᠵᠦᠮᠦᠴᠢᠨ | ᠬᠤᠰᠢᠭᠤᠨ ᠤ ᠭᠤᠷᠪᠠᠳᠤᠭᠠᠷ ᠤᠳᠠᠭᠠᠨ ᠤ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠬᠤᠨᠳᠠᠭᠠᠲᠤ︾ | ᠲᠣᠣᠷ ᠪᠥᠮᠪᠦᠭᠡ ᠶᠢᠨ ᠤᠷᠤᠯᠳᠤᠭᠠᠨ ᠢ ᠡᠷᠬᠢᠯᠠᠨ ᠶᠠᠪᠤᠭᠳᠠᠭᠤᠯᠪᠠ᠃ | | | | ᠲᠤᠰ ᠤᠳᠠᠭᠠᠨ ᠤ ᠤᠷᠤᠯᠳᠤᠭᠠᠨ ᠳᠤ ᠲᠤᠮᠤᠴᠣᠳ ᠤᠨ ᠬᠤᠣᠰᠯᠠᠨ ᠴᠣᠬᠢᠬᠤ ᠪᠠ ᠵᠠᠯᠠᠭᠤᠴᠤᠳ ᠪᠠᠭᠠᠴᠤᠳ ᠤᠨ | U10 ᠬᠤᠪᠢ ᠬᠥᠮᠥᠨ ᠤ ᠭᠠᠭᠴᠠᠭᠠᠷ ᠴᠣᠬᠢᠬᠤ ᠤᠷᠤᠯᠳᠤᠭᠠᠨ ᠤ ᠬᠤᠶᠠᠷ ᠵᠦᠢᠯ ᠢ ᠲᠤᠬᠢᠷᠠᠭᠤᠯᠤᠨ᠂ ᠺᠠᠳ᠋ᠷ ᠤᠯᠠᠨ | ᠲᠦᠮᠡᠨ ᠵᠢᠴᠢ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠬᠥᠳᠡᠯᠭᠡᠭᠡᠨ ᠳᠤ ᠣᠷᠣᠯᠴᠠᠬᠤ ᠤᠷᠮ᠎ᠠ ᠵᠣᠷᠢᠭ ᠢ | ᠭᠦᠢᠴᠡᠳ ᠬᠥᠭᠵᠢᠭᠡᠵᠦ᠂ ᠪᠦᠬᠦ ᠠᠷᠠᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠡᠷᠡᠭᠦᠯ ᠥᠭᠡᠳᠡᠷᠬᠡᠭ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠠᠭᠤᠷ | ᠠᠮᠢᠰᠬᠤᠯ ᠢ ᠢᠳᠡᠪᠬᠢᠲᠡᠢ ᠪᠤᠢ ᠪᠤᠯᠭᠠᠭᠰᠠᠨ ᠪᠠᠶᠢᠨ᠎ᠠ᠃ | ᠬᠤᠶᠠᠷ ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠲᠠᠮᠵᠢᠨ᠂ ᠲᠤᠮᠤᠴᠣᠳ ᠤᠨ ᠬᠤᠣᠰᠯᠠᠨ ᠴᠣᠬᠢᠬᠤ | ᠤᠷᠤᠯᠳᠤᠭᠠᠨ ᠳᠤ ᠪᠠᠢ ᠶᠢᠨ ᠵᠤᠸᠠᠩ᠂ ᠴᠠᠩᠬᠡᠯ ᠲᠠᠷᠢᠭᠦᠯᠠᠵᠦ᠂ ᠵᠠᠯᠠᠭᠤ ᠪᠠᠭᠠᠴᠤᠳ ᠤᠨ U10 ᠬᠤᠪᠢ ᠬᠥᠮᠥᠨ ᠤ | ᠭᠠᠭᠴᠠ ᠪᠠᠷ ᠴᠣᠬᠢᠬᠤ ᠤᠷᠤᠯᠳᠤᠭᠠᠨ ᠳᠤ ᠮᠠ ᠷᠦᠢ ᠵᠢᠶᠧ ᠲᠠᠷᠢᠬᠦᠯᠡᠪᠡ᠃ |