ᠪᠠᠷᠠᠭᠤᠨ ᠦᠵᠦᠮᠦᠴᠢᠨ ᠬᠤᠰᠢᠭᠤᠨ ᠤ ᠴᠠᠷᠤᠯᠠᠶᠢᠰ ᠦᠬᠡᠷ ︵ᠦᠵᠦᠮᠦᠴᠢᠨ ᠴᠠᠭᠠᠨ ᠦᠬᠡᠷ︶ ᠤᠨ ᠠᠵᠤ ᠦᠢᠯᠡᠰ ᠤᠨ ᠬᠦᠭᠵᠢᠯᠳᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/11
    9 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤ ᠴᠠᠷᠤᠯᠠᠶᠢᠰ ᠦᠬᠡᠷ ︵ᠦᠵᠦᠮᠦᠴᠢᠨ ᠴᠠᠭᠠᠨ ᠦᠬᠡᠷ︶ ᠤᠨ ᠠᠵᠤ ᠦᠢᠯᠡᠰ ᠤᠨ ᠬᠦᠭᠵᠢᠯᠳᠡ ᠶᠢᠨ ᠬᠤᠷᠠᠯ ᠢ ᠬᠤᠷᠠᠯᠳᠤᠭᠤᠯᠵᠤ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠳᠡᠨ᠂ ᠰᠢᠯᠢ ᠶᠢᠨ ᠭᠤᠤᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠪᠤᠯᠤᠨ ᠡᠯ᠎ᠡ ᠰᠤᠮᠤ ᠪᠠᠯᠭᠠᠰᠣᠨ ᠤ ᠬᠠᠷᠢᠭᠤᠴᠠᠯᠭᠠᠳᠠᠨ᠂ ᠮᠠᠯᠴᠢᠳ ᠤᠨ ᠲᠦᠯᠦᠭᠡᠯᠡᠭᠴᠢ᠂ ᠠᠵᠤ ᠠᠬᠤᠶᠢᠯᠠᠯ ᠤᠨ ᠲᠦᠯᠦᠭᠡᠯᠡᠭᠴᠢ ᠬᠤᠷᠠᠯ ᠳᠤ ᠤᠷᠤᠯᠴᠠᠪᠠ᠃
   
   ᠬᠤᠷᠠᠯ ᠳᠤ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠪᠠᠶᠢᠩᠭᠤ ᠶᠢᠨ ᠬᠤᠰᠢᠭᠤ ᠲᠡᠳ᠋ ᠲᠠᠷᠤᠭ᠎ᠠ ᠬᠠᠢ ᠱᠠᠨ᠂ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠯ ᠠᠵᠤ ᠠᠬᠤᠢ ᠰᠤᠳᠤᠯᠬᠤ ᠦᠷᠳᠡᠭᠡᠨ ᠤ ᠲᠠᠷᠤᠭ᠎ᠠ ᠱᠢᠤᠸᠠᠢ ᠱᠦ ᠶᠤᠸᠠᠨ᠂ ᠦᠪᠦᠷ ᠮᠤᠩᠭᠤᠯ ᠤᠨ ᠶᠤᠸᠠᠨ ᠨᠢᠦ ᠭᠡᠭᠡᠯᠳᠦᠬᠦᠯᠦᠨ ᠪᠤᠶᠢᠵᠢᠭᠤᠯᠬᠤ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠲᠠᠭᠠᠭᠠᠮᠠᠯ ᠸᠠᠩ ᠭᠠᠩ᠂ ᠪᠡᠭᠡᠵᠢᠩ ᠤᠨ ᠬᠤᠸᠠ ᠮᠤ᠋ ᠰᠢᠨᠵᠢᠯᠡᠭᠡ ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠲᠠᠭᠠᠭᠠᠮᠠᠯ ᠹᠧᠩ ᠯᠢᠶᠠᠨ ᠵᠢᠶᠧ ᠨᠠᠷ ᠲᠠᠢ ᠬᠠᠮᠳᠤᠷᠠᠯᠴᠠᠭᠠᠨ ᠤ ᠵᠦᠪᠳᠡᠯᠴᠡᠭᠡᠷ ᠲᠤᠭᠳᠠᠪᠠ
     ᠬᠤᠷᠠᠯ ᠳᠤ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠧᠷᠤᠹᠧᠰᠰᠤᠷ ᠤᠷᠭᠢᠯ ᠴᠠᠷᠤᠯᠠᠶᠢᠰ ᠦᠬᠡᠷ ᠤᠨ ᠡᠭᠦᠯᠳᠡᠷ ᠪᠠ ᠬᠦᠭᠵᠢᠯᠳᠡ ᠶᠢᠨ ᠬᠠᠨᠳᠤᠰᠢ ᠶᠢᠨ ᠲᠤᠬᠠᠢ ᠲᠠᠶᠢᠯᠤᠮᠵᠢ ᠬᠢᠵᠦ᠂ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠯ ᠠᠵᠤ ᠠᠬᠤᠢ ᠰᠤᠳᠤᠯᠬᠤ ᠦᠷᠳᠡᠭᠡᠨ ᠤ ᠲᠤᠰᠬᠠᠢ ᠮᠡᠷᠭᠡᠵᠢᠯᠳᠡᠨ ᠸᠠᠩ ᠪᠢᠶᠤᠤ ᠴᠠᠭᠠᠨ ᠦᠬᠡᠷ ᠤᠨ ᠠᠵᠤ ᠦᠢᠯᠡᠰ ᠤᠨ ᠰᠤᠳᠤᠯᠬᠤ ᠬᠦᠷᠢᠶᠡᠯᠡᠩ ᠠᠴᠠ ᠪᠠᠷᠠᠭᠤᠨ ᠦᠵᠦᠮᠦᠴᠢᠨ ᠬᠤᠰᠢᠭᠤᠨ ᠤ ᠮᠢᠬᠠᠨ ᠦᠬᠡᠷ ᠤᠨ ᠤᠳᠤᠮᠯᠠᠯ ᠤᠨ ᠦᠢᠯᠡᠰ ᠪᠠ ᠠᠵᠤ ᠦᠢᠯᠡᠰ ᠢ ᠬᠠᠮᠵᠢᠨ ᠬᠦᠭᠵᠢᠬᠦᠯᠬᠦ ᠲᠠᠯ᠎ᠠ ᠪᠠᠷ ᠲᠠᠶᠢᠯᠪᠤᠷᠢᠯᠠᠪᠠ᠃ ᠡᠭᠦᠨ ᠤ ᠬᠠᠮᠳᠤ᠂ ᠰᠢᠯᠢ ᠶᠢᠨ ᠭᠤᠤᠯ ᠠᠶᠢᠮᠠᠭ ᠤᠨ ᠴᠠᠷᠤᠯᠠᠶᠢᠰ ᠦᠬᠡᠷ ᠢ ᠬᠠᠮᠠᠭᠠᠯᠠᠨ ᠬᠦᠭᠵᠢᠬᠦᠯᠬᠦ ᠲᠦᠷᠦ ᠶᠢᠨ ᠪᠤᠳᠤᠯᠭ᠎ᠠ ᠂ ᠪᠠᠷᠠᠭᠤᠨ ᠦᠵᠦᠮᠦᠴᠢᠨ ᠬᠤᠰᠢᠭᠤᠨ ᠤ ᠴᠠᠷᠤᠯᠠᠶᠢᠰ ᠦᠬᠡᠷ ︵ᠦᠵᠦᠮᠦᠴᠢᠨ ᠴᠠᠭᠠᠨ ᠦᠬᠡᠷ︶ ᠢ ᠦᠰᠬᠡᠨ ᠪᠤᠶᠢᠵᠢᠭᠤᠯᠤᠭᠰᠠᠨ ᠪᠠ ᠮᠢᠬᠠᠨ  ᠤ ᠦᠬᠡᠷ ᠤᠨ ᠠᠵᠤ ᠦᠢᠯᠡᠰ ᠤᠨ ᠬᠡᠯᠬᠢᠶᠡᠵᠢᠯ ᠤᠨ ᠬᠦᠭᠵᠢᠯᠳᠡ ᠶᠢᠨ ᠲᠤᠬᠠᠢ ᠲᠠᠶᠢᠯᠤᠮᠵᠢ ᠶᠢ ᠰᠤᠨᠤᠰᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号