ᠪᠠᠷᠠᠭᠤᠨ ᠦᠵᠦᠮᠦᠴᠢᠨ ᠬᠤᠰᠢᠭᠤ 40 ᠳ᠋ᠤᠭᠡᠷ ᠪᠠᠭᠰᠢ ᠶᠢᠨ ᠪᠠᠶᠠᠷ ᠢ ᠪᠡᠯᠭᠡᠯᠡᠬᠦ ᠭᠤᠤᠯ ᠰᠡᠳᠦᠪᠲᠦ ᠴᠠᠶᠢᠯᠠᠯᠭ᠎ᠠ ᠶᠢᠨ ᠬᠤᠷᠠᠯ ᠬᠤᠷᠠᠯᠳᠤᠯ᠎ᠠ
ᠨᠡᠶᠢᠲᠡᠯᠡᠭᠰᠡᠨ ᠴᠠᠭ᠄
2024/9/11
    9 ᠰᠠᠷ᠎ᠠ ᠶᠢᠨ 10 ᠤ ᠡᠳᠦᠷ᠂ 40 ᠳ᠋ᠤᠭᠡᠷ ᠪᠠᠭᠰᠢ ᠶᠢᠨ ᠪᠠᠶᠠᠷ ᠤᠨ ᠲᠠᠰᠢᠷᠠᠮ ᠳᠤ᠂ ᠪᠠᠷᠠᠭᠤᠨ ᠦᠵᠦᠮᠦᠴᠢᠨ ᠬᠤᠰᠢᠭᠤ ︽ᠰᠤᠷᠭᠠᠨ ᠬᠦᠮᠦᠵᠢᠯᠲᠡᠨ ᠤ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠴᠤᠭᠴᠠᠯᠠᠶ᠎ᠠ︾ ᠬᠡᠭᠦ ᠭᠤᠤᠯ ᠰᠡᠳᠦᠪᠲᠦ ᠴᠠᠶᠢᠯᠠᠯᠭ᠎ᠠ   ᠶᠢᠨ ᠬᠤᠷᠠᠯ ᠬᠤᠷᠠᠯᠳᠤᠪᠠ᠃
     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
     ᠶᠣᠣ ᠬᠤᠩ ᠭᠠᠩ ᠡᠩ ᠲᠡᠷᠢᠭᠦᠨ ᠳᠤ  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠢ ᠲᠦᠯᠦᠭᠡᠯᠡᠨ ᠪᠥᠬᠦ ᠬᠤᠰᠢᠭᠤᠨ ᠤ ᠥᠷᠭᠡᠨ ᠣᠯᠠᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠨ᠂ ᠠᠵᠢᠯ ᠠᠴᠠ ᠪᠠᠨ ᠠᠮᠠᠷᠠᠭᠰᠠᠨ ᠪᠠᠭᠰᠢ ᠠᠵᠢᠯᠲᠠᠳ ᠲᠤ ᠪᠠᠶᠠᠷ ᠤᠨ  ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ ᠣᠯᠠᠨ ᠤ  ᠰᠤᠷᠭᠠᠨ ᠬᠦᠮᠦᠵᠢᠯ ᠤᠨ ᠦᠢᠯᠡᠰ ᠲᠤ ᠰᠢᠷᠭᠠᠭᠤ ᠠᠵᠢᠯᠯᠠᠭᠰᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃  ᠶᠤᠤ ᠬᠤᠩ ᠭᠠᠩ ᠵᠢᠭᠠᠬᠤ ᠳᠠᠭᠠᠨ᠂ ᠤᠢᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠱᠤᠭᠤᠮ  ᠪᠤᠯᠭᠠᠨ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠰᠤᠷᠤᠭᠴᠢ ᠶᠢᠨ ᠢᠷᠡᠯᠳᠡ ᠶᠢᠨ ᠲᠤᠭ᠎ᠠ ᠪᠣᠯᠤᠨ ᠵᠢᠭᠠᠨ ᠰᠤᠷᠭᠠᠯᠲᠠ ᠶᠢᠨ ᠶᠠᠰᠤ ᠴᠢᠨᠠᠷ ︽ᠬᠤᠣᠰ ᠳᠡᠭᠡᠭᠰᠢᠯᠡᠯᠲᠡ︾  ᠶᠢ ᠪᠡᠶᠡᠯᠡᠭᠦᠯᠵᠡᠢ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠯ  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠳ ᠲᠦᠮᠡᠨ  ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠡᠭᠦᠷᠭᠡ ᠮᠥᠨ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯᠲᠠᠳ ᠭᠦᠨ ᠵᠤᠵᠠᠭᠠᠨ ᠰᠤᠷᠭᠠᠨ ᠬᠥᠮᠦᠵᠢᠯ ᠤᠨ ᠰᠡᠳᠬᠢᠯᠭᠡ ᠲᠠᠢ ᠪᠠᠶᠢᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ‌‍ᠬᠥ᠋ᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠶᠢ ᠬᠦᠰᠡᠵᠦ ᠪᠠᠶᠢᠨ᠎ᠠ ᠬᠡᠵᠠᠢ᠃ ᠲᠡᠷᠡ ᠢᠯᠡᠷᠬᠡᠶᠢᠯᠡᠬᠦ ᠳᠡᠭᠡᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠠᠪᠴᠢᠷᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠭᠰᠢ ᠶᠢᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠭᠡᠵᠡᠶ᠃ ᠪᠦᠬᠦ ᠠᠵᠢᠯ ᠲᠦᠷᠦᠯ ᠢᠶᠠᠷ ᠢᠶᠠᠨ ᠢᠲᠡᠭᠡᠯ ᠵᠣᠷᠢᠭ ᠢᠶᠠᠨ ᠪᠠᠲᠤᠳᠬᠠᠵᠤ᠂ ᠰᠤᠷᠭᠠᠨ ᠬᠥᠮᠦᠵᠢᠯ ᠤᠨ ᠦᠢᠯᠡᠰ ᠢ ᠬᠠᠯᠠᠮᠵᠢᠯᠠᠨ ᠳᠡᠮᠵᠢᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠨᠡᠶᠢᠭᠡᠮ ᠳᠤ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠤᠢ ᠪᠣᠯᠭᠠᠵᠤ᠂ ᠬᠠᠯᠠᠭᠤᠨ ᠰᠡᠳᠬᠢᠯ ᠲᠠᠢ᠂ ᠦᠨ᠎ᠡ ᠦᠷᠳᠡᠭ  ᠲᠠᠢ ᠰᠤᠷᠭᠠᠨ ᠬᠥᠮᠦᠵᠢᠯ ᠤᠨ ᠠᠮᠢ ᠠᠬᠤᠶ ᠶᠢ ᠴᠢᠷᠮᠠᠶᠢᠨ ᠪᠠᠶᠢᠭᠤᠯᠬᠤ ᠭᠡᠷᠡᠭᠲᠠᠢ ᠭᠡᠵᠠᠢ᠃
     ᠴᠠᠶᠢᠯᠠᠯᠭ᠎ᠠ ᠶᠢᠨ ᠬᠤᠷᠠᠯ ᠲᠡᠭᠡᠷ᠎ᠡ᠂ ᠬᠡᠰᠡᠭ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠲᠥᠯᠥᠭᠡᠯᠡᠭᠴᠢ ᠠᠴᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ᠂ ᠠᠩᠭᠢ ᠶᠢᠨ ᠡᠷᠬᠢᠯᠡᠭᠴᠢ ᠶᠢᠨ ᠵᠢᠭᠠᠨ ᠰᠤᠷᠭᠠᠯᠲᠠ ᠶᠢᠨ ᠲᠤᠷᠰᠢᠯᠭ᠎ᠠ᠂ ᠵᠠᠯᠠᠭᠤ ᠪᠠᠭᠰᠢ ᠶᠢᠨ  ᠵᠢᠭᠠᠨ ᠰᠤᠷᠭᠠᠯᠲᠠ ᠶᠢᠨ  ᠠᠵᠢᠯ  ᠤᠨ ᠥᠩᠭᠡᠷᠡᠯᠲᠡ᠂ ᠠᠩᠭᠢ ᠶᠢᠨ ᠡᠷᠬᠢᠯᠡᠭᠴᠢ ᠶᠢᠨ ᠠᠵᠢᠯ ᠪᠠ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠠᠵᠢᠯ ᠤᠨ ᠲᠥᠷᠥᠭᠳᠡᠯ ᠢᠶᠠᠨ ᠬᠤᠪᠢᠶᠠᠯᠴᠠᠪᠠ᠃     ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠬᠡᠷ ᠤᠨ ᠠᠬᠠᠮᠠᠳ ︽ᠠᠩᠭᠢ ᠶᠢᠨ ᠡᠷᠬᠢᠯᠡᠭᠴᠢ ᠵᠠᠭᠤᠨᠴᠡᠴᠡᠭ ᠪᠠᠭᠰᠢ ᠳᠤ ᠥᠭᠭᠦᠭᠰᠡᠨ ᠲᠠᠯᠠᠷᠬᠠᠯ ᠤᠨ ᠵᠠᠬᠢᠳᠠᠯ︾ ᠢ ᠤᠩᠰᠢᠨ ᠨᠡᠶᠢᠲᠡᠯᠡᠵᠦ᠂ ᠬᠤᠶᠠᠳᠤᠭᠠᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠬᠡᠷ ᠤᠨ ᠠᠬᠠᠮᠠᠳ ᠸᠠᠩ ᠼᠠᠢ ᠯᠢ ᠬᠡᠷ ᠪᠦᠯᠢ ᠶᠢᠨ ᠬᠥᠮᠦᠵᠢᠯ ᠤᠨ ᠲᠤᠷᠰᠢᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠨᠢᠭᠡᠳᠦᠭᠡᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠬᠤᠶᠠᠳᠤᠭᠠᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠷᠢᠭᠤᠴᠠᠯᠭᠠᠲᠠᠨ ᠲᠣᠰ ᠲᠣᠰ 2024 ᠣᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ᠂ 2024 ᠣᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠠᠳᠠᠯᠤᠯᠲᠠ ᠵᠢᠴᠢ 2025 ᠣᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠤᠨ ᠪᠠᠶᠢᠳᠠᠯ᠂ 2024 ᠣᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠠᠳᠠᠯᠤᠯᠲᠠ ᠵᠢᠴᠢ 2025 ᠣᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠤᠨ ᠪᠠᠶᠢᠳᠠᠯ ᠤᠨ ᠲᠤᠬᠠᠶ  ᠰᠠᠨᠠᠯ ᠢᠶᠠᠨ ᠰᠤᠯᠢᠯᠴᠠᠪᠠ᠃     ᠴᠠᠶᠢᠯᠠᠯᠭ᠎ᠠ ᠶᠢᠨ ᠬᠤᠷᠠᠯ ᠲᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠲᠤᠬᠠᠢ ᠶᠢᠨ ᠲᠠᠯᠠᠪᠠᠢ ᠳᠤ ᠠᠬᠠᠮᠠᠳ ᠨᠠᠮ ᠤᠨ ᠭᠡᠰᠢᠭᠦᠨ ᠪᠠᠭᠰᠢ ᠪᠠ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠲᠥᠯᠥᠭᠡᠯᠡᠭᠴᠢ ᠶᠢ ᠲᠣᠬᠤᠨᠢᠭᠤᠯᠤᠭᠰᠠᠨ ᠪᠥᠭᠡᠳ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ 2024 ᠣᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠳᠤᠪᠤᠶᠢᠮ᠎ᠠ ᠱᠠᠩᠨᠠᠯ ᠣᠯᠭᠤᠵᠠᠢ᠃    ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠭᠠᠨ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠢ ᠫᠢᠩ ᠵᠢᠴᠢ ᠬᠤᠰᠢᠭᠤ ᠰᠤᠷᠭᠠᠨ ᠬᠥᠮᠦᠵᠢᠯ ᠤᠨ ᠲᠤᠪᠴᠢᠶᠠᠨ ᠤ ᠪᠠᠭ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠲᠠᠰ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠴᠧᠨ ᠯᠢ  ᠵᠢᠤᠸᠠᠨ᠂ ᠠᠶᠢᠮᠠᠭ ᠤᠨ ᠲᠠᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠳ᠋ᠦᠩ ᠶᠠᠨ ᠹᠸᠢ᠂ ᠡᠯ᠎ᠡ ᠳᠤᠮᠳᠠᠳᠤ ᠪᠠᠭ᠎ᠠ ᠰᠤᠷᠭᠠᠭᠤᠯᠢ᠂  ᠬᠡᠤᠬᠡᠳ ᠤᠨ ᠴᠡᠴᠡᠷᠯᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ᠂ ᠲᠤᠰᠬᠠᠶ ᠮᠡᠷᠭᠡᠵᠢᠯᠲᠡᠨ ᠤ ᠬᠡᠯᠪᠡᠷᠢ ᠶᠢᠨ ᠵᠢᠭᠠᠨ ᠰᠤᠳᠤᠯᠤᠭᠴᠢ᠂ ᠤᠯᠤᠰ ᠤᠨ ᠲᠠᠰ  ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠭᠰᠢ ᠶᠢᠨ ᠲᠥᠯᠥᠭᠡᠯᠡᠭᠴᠢ᠂ ᠠᠩᠭᠢ ᠶᠢᠨ ᠡᠷᠬᠢᠯᠡᠭᠴᠢ ᠪᠠ ᠬᠢᠴᠢᠶᠡᠯ ᠤᠨ ᠪᠠᠭᠰᠢ ᠶᠢᠨ ᠲᠥᠯᠥᠭᠡᠯᠡᠭᠴᠢ᠂ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠲᠥᠯᠥᠭᠡᠯᠡᠭᠴᠢ᠂ ᠬᠡᠷ ᠤᠨ ᠠᠬᠠᠮᠠᠳ ᠤᠨ ᠲᠥᠯᠥᠭᠡᠯᠡᠭᠴᠢ  ᠬᠤᠷᠠᠯ   ᠳᠤ ᠤᠷᠤᠯᠴᠠᠪᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号