24 ᠵᠢᠯ ᠤᠨ ᠬᠠᠪᠤᠷ ᠨᠠᠮᠤᠷ 24 ᠵᠢᠯ ᠤᠨ ᠬᠦᠴᠦᠨ ᠵᠢᠳᠬᠦᠯ
ᠨᠡᠶᠢᠲᠡᠯᠡᠭᠰᠡᠨ ᠴᠠᠭ᠄
2024/9/11
    ᠡᠩ ᠦᠭᠡᠢ ᠣᠷᠴᠢᠯᠠᠩ ᠢ ᠭᠡᠶᠢᠭᠦᠯᠬᠦ ᠢᠯᠴᠢᠲᠦ ᠨᠠᠷᠠᠨ ᠤ ᠲᠣᠶᠠᠭ᠎ᠠ ᠰᠢᠭ᠋ ᠡᠷᠳᠡᠮ ᠤᠶᠤᠨ ᠢᠶᠠᠨ ᠬᠠᠶᠢᠷᠠᠯᠠᠭᠰᠠᠨ ᠡᠨᠡᠷᠢᠯ ᠤᠨ ᠳᠡᠭᠡᠳᠦ ᠪᠠᠭᠰᠢ ᠬᠦᠮᠦᠨ ᠮᠠᠭᠲᠠᠭᠤᠰᠢᠲᠠᠢ᠂ ᠪᠢᠰᠢᠷᠡᠭᠦᠰᠢᠲᠡᠢ  ᠂ ᠪᠠᠭ᠋ᠠᠷᠬᠠᠯᠲᠠᠢ  ︕
    ᠠᠷᠠᠳ ᠤᠨ ᠰᠣᠷᠭᠠᠭᠤᠯᠢ ᠶᠢᠨ ᠠᠯᠲᠠᠨ ᠪᠤᠱᠤᠭ᠎ᠠ ᠶᠢ ᠠᠯᠬᠤᠨ ᠤᠷᠤᠵᠤ᠂ ︽ᠠ᠊︾ ᠦᠰᠦᠭ ᠢ ᠨᠢᠳᠦᠯᠡᠭᠰᠡᠨ ᠴᠠᠭ ᠠᠴᠠ ᠨᠢᠭᠡ ᠠᠩᠭᠢ ᠶᠢᠨ ᠥᠷᠦᠭᠡᠨ ᠳᠤ ᠬᠠᠮᠲᠤ ᠳᠠᠭᠠᠨ ᠢᠨᠢᠶᠡᠵᠦ᠂ ᠬᠠᠮᠲᠤ ᠳᠠᠭᠠᠨ ᠤᠭᠢᠯᠠᠵᠤ ᠵᠢᠷᠭᠤᠭᠠᠨ ᠬᠠᠪᠤᠷ ᠨᠠᠮᠣᠷ ᠢ ᠦᠩᠭᠡᠷᠡᠭᠡᠭᠰᠡᠨ 72 ᠳ᠋ᠤᠭᠠᠷ ᠠᠩᠭᠢ ᠶᠢᠨ ᠬᠡᠣᠬᠡᠳ ᠤᠳ ᠠᠩᠭᠢ ᠶᠢᠨ ᠡᠷᠬᠢᠯᠡᠭᠴᠢ ᠵᠠᠭᠤᠨᠴᠡᠴᠡᠭ ᠪᠠᠭᠰᠢ ᠶᠢᠨ ᠢᠶᠠᠨ ᠠᠯᠲᠠᠨ ᠰᠣᠷᠭᠠᠯ ᠠᠮᠢᠨᠴᠢᠬᠠᠨ ᠵᠠᠬᠢᠶ᠎ᠠ ᠶᠢ ᠳᠡᠭᠡᠳᠦᠯᠡᠵᠦ᠂ ᠡᠷᠳᠡᠮ ᠨᠣᠮ ᠤᠨ ᠠᠶᠠᠨ ᠢᠶᠠᠨ ᠦᠷᠭᠦᠯᠵᠢᠭᠦᠯᠦᠯ᠎ᠡ᠃     ᠵᠠᠭᠤᠨᠴᠡᠴᠡᠭ ᠪᠣᠯ ᠪᠠᠷᠠᠭᠤᠨ ᠦᠵᠦᠮᠦᠴᠢᠨ ᠬᠤᠰᠢᠭᠤᠨ ᠤ ᠭᠤᠷᠪᠠᠳᠣᠭᠠᠷ ᠪᠠᠭ᠎ᠠ ᠰᠣᠷᠭᠠᠭᠤᠯᠢ ᠶᠢᠨ ᠬᠡᠯᠡ ᠪᠢᠴᠢᠭ ᠤᠨ ᠪᠠᠭᠰᠢ ᠪᠣᠯᠣᠨ᠎ᠠ᠃ ᠲᠡᠷᠡᠪᠡᠷ 2000 ᠣᠨ ᠳᠤ  ᠠᠵᠢᠯ ᠤᠨ ᠪᠠᠶᠢᠷᠢᠨ ᠳᠤ ᠭᠠᠷᠴᠤ᠂ ᠠᠵᠢᠯ ᠤᠨ ᠭᠠᠷᠣᠭᠠᠨ ᠳᠤ 24 ᠵᠢᠯ ᠭᠠᠪᠰᠢᠭᠠᠶᠢᠯᠠᠨ ᠠᠵᠢᠯᠯᠠᠵᠤ ᠶᠠᠪᠤᠬᠤ ᠳᠠᠭᠠᠨ ᠥᠷᠦᠭᠡᠯ ᠤᠨ ᠬᠡᠤᠬᠡᠳ ᠢ ᠥᠪᠡᠷ ᠤᠨ ᠰᠢᠭ ᠢᠶᠠᠨ ᠥᠷᠦᠪᠴᠢᠯᠡᠨ ᠬᠠᠶᠢᠷᠠᠯᠠᠵᠤ᠂ ᠰᠤᠶᠤᠯ ᠲᠠᠢ᠂ ᠮᠤᠷᠠᠯ ᠲᠠᠢ ᠰᠢᠯᠢᠳᠡᠭ ᠬᠡᠤᠬᠡᠳ ᠪᠣᠯᠭᠠᠨ ᠬᠥᠮᠦᠵᠢᠭᠦᠯᠦᠨ  ᠂ ᠰᠣᠷᠣᠯᠭ᠎ᠠ ᠶᠢᠨ ᠠᠯᠲᠠᠨ ᠠᠶᠠᠨ ᠳᠤ ᠠᠮᠵᠢᠯᠲᠠ ᠳᠦᠭᠦᠷᠡᠩ ᠶᠠᠪᠤᠬᠤ ᠳᠤ ᠨᠢ ᠰᠠᠭᠤᠷᠢ ᠲᠠᠯᠪᠢᠨ ᠥᠭᠴᠡᠢ  ᠃
   ᠵᠠᠭᠤᠨᠴᠡᠴᠡᠭ ᠪᠠᠭᠰᠢ ᠬᠢᠴᠢᠶᠡᠯ ᠰᠣᠷᠣᠯᠭ᠎ᠠ ᠶᠢᠨ ᠲᠠᠯ᠎ᠠ ᠪᠠᠷ ᠠᠩᠭᠢ ᠶᠢᠨ ᠬᠡᠣᠬᠡᠳ ᠨᠢᠭᠡᠪᠦᠷᠢ ᠪᠠᠨ ᠠᠩᠬᠠᠷᠴᠤ ᠱᠠᠭᠠᠷᠳᠠᠳᠠᠭ ᠢᠶᠠᠷ ᠪᠠᠷᠠᠬᠤ ᠦᠭᠡᠢ ᠬᠢᠴᠢᠶᠡᠯ ᠤᠨ ᠳᠠᠷᠠᠭ᠎ᠠ ᠴᠤ ᠬᠡᠣᠬᠡᠳ ᠤᠳ ᠤᠨ ᠢᠶᠠᠨ  ᠬᠤᠭᠤᠯᠠ ᠤᠮᠳᠠ ᠬᠤᠪᠴᠠᠰᠤ ᠬᠤᠨᠠᠷ ᠵᠡᠷᠭᠡ ᠠᠮᠢᠳᠣᠷᠠᠯ ᠤᠨ ᠡᠯ᠎ᠡ ᠲᠠᠯ᠎ᠠ ᠳᠤ ᠰᠠᠨᠠᠭ᠎ᠠ ᠲᠠᠯᠪᠢᠵᠤ᠂ ᠨᠡᠩ ᠢᠯᠠᠩᠭᠤᠶ᠎ᠠ ᠪᠠᠶᠢᠷᠢ ᠳᠤ ᠰᠠᠭᠤᠭ᠎ᠠ ᠰᠣᠷᠣᠭᠴᠢᠳ ᠲᠠᠢ ᠪᠠᠨ ᠦᠷᠭᠦᠯᠵᠢ ᠬᠠᠮᠲᠤ ᠪᠠᠶᠢᠵᠤ  ᠂  ᠠᠪᠤ ᠡᠵᠢ ᠶᠢ ᠨᠢ ᠣᠷᠣᠯᠠᠨ ᠬᠠᠷᠠᠵᠤ ᠬᠠᠷᠠᠭᠠᠯᠵᠠᠨ  ᠂  ᠡᠵᠢ ᠬᠦᠮᠦᠨ ᠤ ᠡᠨᠡᠷᠢᠩᠭᠦᠢ ᠬᠠᠶᠢᠷ᠎ᠠ  ᠂ ᠠᠪᠤ ᠬᠦᠮᠦᠨ ᠤ ᠬᠠᠲᠠᠭᠤ ᠴᠢᠩᠭ᠎ᠠ ᠰᠣᠷᠭᠠᠯ ᠢᠶᠠᠷ ᠵᠠᠬᠢᠨ ᠰᠣᠷᠭᠠᠵᠤ᠂ ᠪᠡᠶ᠎ᠡ ᠪᠠᠨ ᠳᠠᠭᠠᠭᠠᠬᠤ ᠴᠢᠳᠠᠪᠤᠷᠢ ᠲᠠᠢ᠂ ᠦᠨᠳᠦᠷ ᠬᠡᠪ ᠪᠤᠯᠪᠠᠰᠣᠷᠠᠯ ᠲᠠᠢ ᠬᠡᠣᠬᠡᠳ ᠪᠤᠯᠤᠨ ᠬᠦᠮᠦᠵᠢᠬᠦ ᠶᠢ ᠱᠠᠭᠠᠷᠳᠠᠳᠠᠭ᠃
    24 ᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠳᠤᠮᠳᠠ  ᠪᠠᠨ ᠵᠠᠭᠤᠨᠴᠡᠴᠡᠭ ᠪᠠᠭᠰᠢ ᠵᠠᠯᠠᠭᠤ ᠽᠠᠨᠳᠠᠨ ᠨᠠᠰᠣᠨ ᠤ ᠤᠶᠤᠨ ᠤᠬᠠᠭᠠᠨ  ᠂ ᠬᠦᠴᠦ ᠬᠥᠯᠥᠰᠦ ᠪᠠᠨ ᠰᠤᠷᠭᠠᠨ ᠬᠥᠮᠦᠵᠢᠯ ᠤᠨ ᠦᠢᠯᠡᠰ ᠲᠤ ᠵᠣᠷᠢᠭᠤᠯᠵᠤ᠂ ᠦᠨᠳᠦᠰᠦᠨ ᠱᠠᠲᠤᠨ ᠤ ᠰᠤᠷᠭᠠᠨ ᠬᠥᠮᠦᠵᠢᠯ ᠤᠨ ᠰᠢᠮᠡᠯᠢᠭ ᠬᠥᠷᠥᠰᠥᠨ ᠳᠤ ᠬᠡᠣᠬᠡᠳ ᠪᠦᠬᠦᠨ ᠢ ᠡᠷᠡᠭᠦᠯ ᠴᠢᠭᠢᠷᠠᠭ᠂ ᠮᠣᠷᠠᠯ ᠰᠣᠷᠲᠠᠯ  ᠲᠠᠢ ᠰᠢᠯᠢᠳᠡᠭ ᠬᠡᠣᠬᠡᠳ ᠪᠤᠯᠭᠠᠨ ᠰᠣᠷᠭᠠᠨ ᠬᠦᠮᠥᠵᠢᠭᠦᠯᠵᠦ᠂ ᠥᠷᠭᠡᠨ ᠤᠯᠠᠨ ᠪᠠᠭᠰᠢ ᠰᠤᠷᠤᠭᠴᠢ ᠵᠢᠴᠢ ᠭᠡᠷ ᠤᠨ ᠠᠬᠠᠮᠠᠳ ᠤᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ ᠲᠡᠷᠡᠪᠡᠷ ᠤᠷᠢᠳ ᠬᠤᠵᠢᠳ ︽ᠪᠦᠬᠦ ᠬᠤᠰᠢᠭᠤᠨ ᠤ ᠰᠢᠯᠢᠳᠡᠭ ᠪᠠᠭᠰᠢ︾ ︽ᠪᠦᠬᠦ ᠬᠤᠰᠢᠭᠤᠨ ᠤ ᠰᠢᠯᠢᠳᠡᠭ ᠠᠩᠭᠢ ᠶᠢᠨ ᠡᠷᠬᠢᠯᠡᠭᠴᠢ︾ ᠶᠢᠨ ᠱᠠᠩᠨᠠᠯ ᠢ ᠭᠥᠷᠳᠡᠵᠦ᠂ ᠲᠡᠭᠦᠨ ᠤ ᠡᠷᠬᠢᠯᠡᠭᠰᠡᠨ 72 ᠳ᠋ᠤᠭᠠᠷ ᠠᠩᠭᠢ ᠨᠢ ᠰᠤᠷᠭᠠᠭᠤᠯᠢ ᠶᠢᠨ ᠲᠠᠰ ᠤᠨ ︽ᠰᠠᠷ᠎ᠠ ᠶᠢᠨ ᠮᠠᠩᠯᠠᠢ︾ ︽ᠪᠠᠭᠠᠴᠤᠳ ᠤᠨ ᠲᠡᠷᠢᠭᠦᠨ ᠤ ᠰᠢᠯᠢᠳᠡᠭ ᠳᠤᠮᠳᠠ ᠠᠩᠭᠢ︾᠂ ᠡᠯ᠎ᠡ ᠲᠥᠷᠥᠯ ᠤᠨ ᠤᠷᠤᠯᠳᠤᠭᠠᠨ ᠤ ᠮᠠᠩᠯᠠᠢ᠂ ᠳᠡᠳ᠋᠂  ᠬᠤᠰᠢᠭᠤ ᠲᠠᠰ ᠤᠨ ︽ᠪᠠᠭᠠᠴᠤᠳ ᠤᠨ ᠲᠡᠷᠢᠭᠦᠨ ᠤ ᠰᠢᠯᠢᠳᠡᠭ ᠳᠤᠮᠳᠠ ᠠᠩᠭᠢ︾᠂ ︽ᠪᠥᠬᠦ ᠠᠶᠢᠮᠠᠭ ᠤᠨ ᠲᠡᠷᠢᠭᠦᠨ ᠤ ᠠᠩᠭᠢ  ᠨᠢᠭᠡᠴᠡ︾᠂ ︽ᠪᠥᠬᠦ ᠬᠤᠰᠢᠭᠤᠨ ᠤ ᠰᠢᠨᠵᠢᠯᠡᠭᠡᠨ ᠤ ᠶᠡᠷᠦᠩᠬᠡᠶᠢᠯᠡᠭᠰᠡᠨ ᠮᠡᠳᠡᠯᠭᠡ ᠶᠢᠨ ᠤᠷᠤᠯᠳᠤᠭᠠᠨ ᠤ  ᠨᠢᠭᠡᠳᠦᠭᠡᠷ  ᠨᠡᠷ᠎ᠡ︾ ᠵᠡᠷᠭᠡ ᠢᠷᠡᠭᠤ ᠠᠯᠳᠠᠷ ᠢ ᠬᠦᠷᠲᠡᠵᠡᠢ᠃      ᠪᠠᠭᠰᠢ ᠶᠢᠨ ᠠᠯᠳᠠᠷ ᠨᠡᠷ᠎ᠡ  ᠂ ᠠᠴᠢ ᠭᠠᠪᠢᠶ᠎ᠠ ᠰᠦᠮᠪᠦᠷ ᠠᠭᠤᠯᠠᠨ ᠠᠴᠠ ᠦᠨᠳᠦᠷ  ᠂ ᠰᠦᠨ ᠳᠠᠯᠠᠢ ᠠᠴᠠ ᠭᠦᠨ ᠭᠡᠯᠴᠡᠳᠡᠭ᠃ ᠲᠡᠳᠡ ᠶᠠᠭ ᠯᠡ ᠳᠤᠯᠠᠯᠵᠠᠨ ᠭᠡᠷᠡᠯᠳᠦᠬᠦ ᠯᠡ ᠰᠢᠭ᠋ ᠤᠶᠤᠨ ᠤ ᠬᠠᠷᠠᠩᠭᠤᠢ ᠶᠢ ᠭᠡᠷᠡᠯᠳᠦᠭᠦᠯᠵᠦ᠂ ᠨᠠᠮ ᠪᠠ ᠣᠯᠣᠰ ᠲᠠᠭᠠᠨ ᠴᠢᠳᠠᠪᠤᠷᠢᠲᠠᠨ ᠬᠦᠮᠦᠵᠢᠭᠦᠯᠬᠦ ᠳᠠᠷᠬᠠᠨ ᠬᠠᠷᠢᠭᠤᠴᠠᠯᠭ᠎ᠠ ᠪᠠᠨ ᠡᠷᠬᠢᠮᠯᠡᠨ ᠭᠦᠢᠴᠡᠳᠬᠡᠵᠦ᠂ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠳᠤ ᠬᠦᠴᠦᠨ ᠴᠢᠳᠠᠯ ᠢᠶᠠᠨ ᠡᠷᠭᠦᠵᠦ ᠶᠠᠪᠤᠨ᠎ᠠ ᠁  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号