ᠬᠤᠷᠢᠭᠠᠳ ᠵᠢᠯ ᠤᠨ ᠲᠤᠷᠰᠢ ᠰᠤᠷᠭᠠᠨ ᠬᠦᠮᠦᠵᠢᠯ ᠤᠨ ᠦᠢᠯᠡᠰ ᠲᠤ ᠭᠠᠷᠮᠠᠭᠠᠶᠢᠯᠠᠨ ᠵᠢᠳᠭᠦᠭᠰᠡᠨ  ᠪᠠᠭᠰᠢ ᠤᠯᠠᠭᠠᠨ
ᠨᠡᠶᠢᠲᠡᠯᠡᠭᠰᠡᠨ ᠴᠠᠭ᠄
2024/9/11
    ᠲᠦᠴᠢᠳᠡᠬᠢ ᠬᠤᠭᠤᠴᠠᠭᠠᠨ ᠤ ᠪᠠᠭᠰᠢ ᠶᠢᠨ ᠪᠠᠶᠠᠷ ᠬᠦᠷᠴᠦ ᠢᠷᠡᠭᠦ ᠲᠠᠰᠢᠷᠠᠮ ᠢᠶᠠᠷ  ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ‍ᠤᠨ‌‍ᠰᠤᠷᠪᠤᠯᠵᠢᠯᠠᠭ᠎ᠠ ᠶᠢᠨ ᠪᠠᠭ ᠤᠨ ᠬᠢᠨ ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠨᠢᠭᠡᠳᠦᠭᠡᠷ ᠲᠤᠮᠳᠠᠲᠤ ᠰᠤᠷᠭᠠᠭᠤᠯᠢ ᠶᠢᠨ ᠪᠠᠭᠰᠢ ᠤᠯᠠᠭᠠᠨ ᠶᠢ ᠵᠤᠷᠢᠨ ᠤᠴᠢᠬᠤ ᠳᠤ  ᠲᠡᠷᠡ ᠶᠠᠭ ᠰᠠᠶᠢᠬᠠᠨ ᠬᠡᠯᠡ  ᠪᠢᠴᠢᠭ ᠤᠨ ᠬᠢᠴᠢᠶᠡᠯ ᠤᠷᠤᠭᠠᠳ ᠶᠠᠭᠠᠷᠠᠤᠬᠠᠨ ᠪᠠᠶᠢᠭ᠎ᠠ ᠲᠠᠢ ᠲᠠᠭᠠᠷᠠᠯᠳᠤᠯ᠎ᠠ᠃     ᠤᠯᠠᠭᠠᠨ ᠪᠠᠭᠰᠢ 1998 ᠣᠨ ᠤ 8 ᠰᠠᠷ᠎ᠠ ᠳᠤ ᠪᠠᠭᠰᠢ ᠶᠢᠨ ᠠᠵᠢᠯ ᠤᠨ  ᠭᠠᠷᠤᠭ᠎ᠠ  ᠠᠪᠤᠭᠰᠠᠨ ᠠᠴᠠ ᠨᠠᠰᠢ᠂ ᠳᠤᠮᠳᠠᠳᠤ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ‌‍ᠰᠤᠷᠭᠠᠯᠲᠠ ᠪᠠ ᠠᠩᠬᠢ ᠶᠢᠨ ᠡᠷᠬᠢᠯᠡᠭᠴᠢ ᠶᠢᠨ ᠠᠵᠢᠯ  ᠠᠯᠪᠠ   ᠪᠠᠷ ᠬᠤᠷᠢᠭᠠᠳ ᠵᠢᠯ ᠭᠠᠪᠰᠢᠭᠠᠶᠢᠯᠠᠨ ᠠᠵᠢᠯᠯᠠᠵᠦ᠂ ᠦᠢ ᠤᠯᠠᠨ ᠰᠤᠷᠤᠭᠴᠢᠳ ᠤᠨ ᠬᠦᠰᠡᠯ ᠤᠨ ᠬᠠᠷᠭᠤᠢ ᠳᠤ ᠡᠷᠴᠢ ᠨᠡᠮᠡᠷᠢᠯᠡᠵᠦ᠂ ᠤᠬᠠᠭᠠᠨ ᠪᠢᠯᠢᠭ᠂ ᠰᠤᠶᠤᠯ ᠮᠡᠳᠡᠯᠭᠡ ᠪᠠᠨ ᠬᠠᠷᠠᠮ ᠦᠭᠡᠢ ᠶᠡᠭᠦᠯᠡᠭᠰᠡᠭᠡᠷ ᠢᠷᠡᠵᠠᠢ᠃     ᠤᠯᠠᠭᠠᠨ ᠪᠠᠭᠰᠢ ᠵᠢᠭᠠᠨ ᠰᠤᠳᠤᠯᠭᠠᠨ ᠳᠤ ᠢᠳᠡᠪᠬᠢᠯᠡᠨ ᠤᠷᠤᠯᠴᠠᠵᠦ᠂ ᠵᠢᠭᠠᠨ ᠰᠤᠷᠭᠠᠯᠳᠠ ᠶᠢᠨ ᠰᠢᠨ᠎ᠡ ᠤᠨᠤᠯ ᠢ ᠰᠤᠷᠤᠯᠴᠠᠵᠤ᠂ ᠰᠢᠨ᠎ᠡ ᠮᠠᠶ᠋ᠢᠭ ᠤᠨ ᠵᠢᠭᠠᠨ ᠰᠤᠷᠭᠠᠯᠲᠠ ᠵᠢᠨ‌ᠠᠷᠭ᠎ᠠ ᠶᠢ  ᠲᠤᠷᠰᠢᠨ᠂ 2003 ᠣᠨ ᠳᠤ ᠪᠥᠬᠦ ᠣᠷᠣᠨ ᠤ ᠬᠢᠲᠠᠳ ᠬᠡᠯᠡ ᠤᠳᠬ᠎ᠠ ᠵᠣᠬᠢᠶᠠᠯ ᠤᠨ ᠰᠢᠨᠵᠢᠯᠡᠭᠡᠨ ᠤ ᠰᠢᠨ᠎ᠡ ᠶᠢ ᠡᠭᠦᠳᠬᠦ ᠬᠢᠴᠢᠶᠡᠯ ᠤᠨ ᠤᠷᠤᠯᠳᠤᠭᠠᠨ ᠳᠤ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ 2008 ᠣᠨ ᠪᠠ 2014 ᠣᠨ ᠳᠤ ᠠᠶᠢᠮᠠᠭ ᠤᠨ ᠲᠠᠰ ᠤᠨ  ᠭᠤᠤᠯᠯᠠᠭᠴᠢ ᠪᠠᠭᠰᠢ ᠶᠢᠨ ᠴᠣᠯᠠ ᠶᠢ ᠬᠤᠶᠠᠷ ᠤᠳᠠᠭ᠎ᠠ ᠭᠥᠷᠳᠡᠵᠦ᠂ ᠥᠩᠭᠡᠷᠡᠭᠰᠡᠨ ᠵᠢᠯ ᠤᠳ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠲᠣᠪᠤᠶᠢᠮ᠎ᠠ ᠪᠠᠶᠢᠵᠤ᠂ ᠳᠠᠭᠠᠭᠤᠯᠤᠭᠰᠠᠨ ᠠᠩᠭᠢ ᠨᠢ ᠣᠯᠠᠨ ᠤᠳᠠᠭ᠎ᠠ ᠲᠡᠷᠢᠭᠦᠨ ᠤ ᠠᠩᠭᠢ ᠶᠢᠨ ᠬᠠᠮᠲᠤ ᠨᠡᠶᠢᠲᠡ ᠪᠠᠷ ᠦᠨᠡᠯᠡᠭᠳᠡᠪᠡ᠃    ᠤᠯᠠᠭᠠᠨ ᠪᠠᠭᠰᠢ ᠵᠢᠭᠠᠨ ᠰᠤᠷᠭᠠᠯᠲᠠ ᠶᠢᠨ ᠠᠵᠢᠯ ᠠᠴᠠ ᠭᠠᠳᠠᠨ᠎ᠠ ᠪᠠᠰᠠ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠴᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠤᠶᠠᠳᠤᠭᠠᠷ ᠳᠡᠰ ᠤᠨ ᠵᠥᠪᠯᠡᠯᠭᠡ ᠥᠭᠭᠦᠭᠴᠢ ᠶᠢᠨ ᠦᠨᠡᠮᠯᠡᠯ ᠢ ᠰᠢᠯᠭᠠᠨ ᠠᠪᠴᠠᠶ᠃ ᠲᠡᠷᠡ ᠰᠤᠷᠤᠭᠴᠢᠳ ᠤᠨ ᠵᠠᠩ ᠳᠠᠳᠬᠠᠯ ᠢ ᠪᠤᠢ ᠪᠣᠯᠭᠠᠬᠤ ᠶᠢ ᠴᠢᠬᠤᠯᠠᠴᠢᠯᠠᠵᠤ᠂ ᠰᠤᠷᠤᠭᠴᠢᠳ ᠤᠨ ᠡᠮᠬᠢ ᠳᠢᠭᠯᠢᠮ ᠤᠨ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠲᠥᠯᠥᠪᠵᠢᠭᠦᠯᠭᠡ ᠶᠢᠨ ᠤᠬᠠᠮᠰᠠᠷ ᠢ ᠬᠥᠮᠦᠵᠢᠭᠦᠯᠳᠡᠭ᠃         ᠤᠯᠠᠭᠠᠨ ᠪᠠᠭᠰᠢ ᠦᠪᠡᠷ ᠤᠨ ᠪᠡᠶ᠎ᠡ ᠳᠡᠭᠡᠨ ᠱᠠᠭᠠᠷᠳᠠᠯᠭ᠎ᠠ ᠦᠨᠳᠦᠷ ᠪᠠᠶᠢᠳᠠᠭ ᠤᠨ ᠤᠴᠢᠷ᠂ ᠰᠤᠷᠤᠭᠴᠢᠳ ᠪᠠᠨ ᠴᠢᠩᠭ᠎ᠠ ᠱᠠᠭᠠᠷᠳᠠᠵᠦ᠂ ᠪᠦᠬᠦ ᠲᠠᠯ᠎ᠠ ᠪᠠᠷ ᠬᠥᠮᠦᠨ ᠢ ᠬᠥᠮᠦᠵᠢᠭᠦᠯᠬᠦ ᠣᠶᠢᠯᠠᠭᠠᠭᠳᠠᠬᠤᠨ ᠢ  ᠪᠠᠷᠢᠮᠳᠠᠯᠠᠵᠦ᠂ ᠰᠤᠷᠤᠯᠭ᠎ᠠ ᠮᠤᠷᠠᠯ ᠡᠯ᠎ᠡ ᠲᠠᠯ᠎ᠠ ᠪᠠᠷ ᠭᠦᠭᠵᠢᠭᠰᠡᠨ  ᠤᠳᠤ ᠦᠶ᠎ᠡ ᠶᠢᠨ ᠰᠢᠯᠢᠳᠡᠭ ᠵᠠᠯᠠᠭᠤᠴᠤᠳ ᠢ ᠬᠦᠮᠦᠵᠢᠭᠦᠯᠬᠦ ᠪᠠᠷ ᠰᠢᠷᠭᠠᠭᠤ ᠠᠵᠢᠯᠯᠠᠵᠦ᠂ ᠡᠵᠢ ᠬᠦᠮᠦᠨ ᠤ ᠦᠷᠦᠪᠴᠢ ᠵᠦᠬᠡᠯᠡᠨ ᠰᠡᠳᠬᠢᠯ᠂ ᠠᠪᠤ ᠬᠦᠮᠦᠨ ᠤ ᠡᠷᠡᠰ ᠬᠠᠳᠠᠭᠤ ᠵᠤᠷᠢᠭ ᠢᠶᠠᠷ᠂ ᠦᠷᠦᠭᠡᠯ ᠪᠤᠰᠤᠳ ᠤᠨ ᠬᠡᠤᠬᠡᠳ ᠢ ᠠᠯᠠᠭᠴᠢᠯᠠᠯ ᠦᠭᠡᠢ ᠰᠠᠨᠠᠵᠦ᠂ ᠬᠠᠷᠢᠭᠤᠴᠠᠯᠭ᠎ᠠ ᠪᠠ ᠠᠷᠠᠳ ᠤᠨ ᠪᠠᠭᠰᠢ ᠶᠢᠨ ᠡᠩ ᠦᠭᠡᠢ ᠶᠡᠭᠡ ᠬᠠᠶᠢᠷ᠎ᠠ ᠪᠠᠷ ᠬᠦᠬᠡᠷᠦᠬᠡᠨ ᠴᠤᠪᠤᠭᠤ ᠰᠤᠷᠤᠭᠴᠢᠳ ᠲᠠᠭᠠᠨ ᠡᠷᠳᠡᠮ ᠤᠨ ᠬᠦᠨ ᠢ ᠲᠠᠨᠢᠭᠤᠯᠵᠦ᠂ ᠢᠷᠡᠬᠦ ᠢᠷᠡᠭᠡᠳᠦᠢ ᠶᠢᠨ ᠬᠢᠨᠢ ᠬᠦᠰᠡᠯ ᠤᠨ ᠵᠢᠭᠦᠷ ᠢ ᠤᠷᠭᠤᠭᠤᠯᠵᠦ᠂ ᠡᠷᠳᠡᠮ ᠪᠤᠯᠪᠠᠰᠤᠷᠠᠯ ᠲᠠᠢ ᠬᠦᠮᠦᠨ ᠪᠤᠯᠥᠨ ᠬᠦᠮᠦᠵᠢᠭᠳᠡᠭᠦ  ᠳᠤ ᠨᠢ ᠤᠬᠠᠭᠠᠨ ᠬᠦᠳᠡᠯᠮᠦᠷᠢ ᠵᠠᠷᠤᠴᠠᠭᠤᠯᠵᠦ  ᠶᠠᠪᠤᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号