ᠴᠠᠭᠠᠨ ᠦᠬᠡᠷ ᠮᠠᠯᠵᠢᠬᠤ  ᠵᠠᠮ ᠢᠶᠠᠷ ᠣᠯᠠᠨ ᠵᠢᠯ ᠵᠠᠮᠨᠠᠵᠣ ᠶᠠᠪᠣᠭ᠎ᠠ ᠮᠠᠯᠴᠢᠨ ᠡᠷᠳᠡᠨᠢᠪᠠᠭᠠᠳᠣᠷ
ᠨᠡᠶᠢᠲᠡᠯᠡᠭᠰᠡᠨ ᠴᠠᠭ᠄
2024/9/12
     ᠡᠪᠡᠰᠦ ᠨᠣᠭᠤᠭ᠎ᠠ ᠬᠠᠯᠢᠭᠤᠷᠠᠵᠣ ᠭᠠᠵᠠᠷ ᠪᠣᠯᠭᠠᠨ ᠳᠤ ᠬᠦᠳᠡᠯᠮᠦᠷᠢ ᠶᠢᠨ ᠲᠠᠭᠤ ᠠᠶᠠᠰ ᠴᠣᠣᠷᠢᠶᠠᠳᠣᠭᠰᠠᠨ ᠨᠠᠮᠣᠷ ᠴᠠᠭ ᠢ ᠠᠮᠵᠢᠯᠲᠠ ᠪᠠᠷ ᠣᠭᠳᠣᠨ᠂ 9 ᠰᠠᠷ᠎ᠠ ᠶᠢᠨ 9᠎ ᠤ ᠡᠳᠦᠷ ᠪᠠᠷᠠᠭᠤᠨ ᠦᠵᠦᠮᠦᠴᠢᠨ ᠬᠤᠰᠢᠭᠤ ᠨᠢ ᠴᠠᠷᠦᠯᠠᠶᠢᠰ ︵ ᠴᠠᠭᠠᠨ︶ ᠦᠬᠡᠷ ᠤᠨ ᠦᠵᠡᠭᠦᠯᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠣᠨ ᠶᠠᠪᠣᠭᠳᠠᠭᠤᠯᠣᠭᠰᠠᠨ ᠶᠣᠮ᠃ ᠡᠬᠦᠨ ᠎ ᠳᠤ ᠪᠦᠬᠦ ᠬᠤᠰᠢᠭᠤᠨ ᠤ ᠴᠡᠷᠣᠯᠠᠶᠢᠰ ︵ᠴᠠᠭᠠᠨ︶ ᠦᠭᠡᠷ  ᠎ ᠤᠨ ᠭᠤᠷᠪᠠᠠ ᠲᠦᠷᠦᠯ ᠬᠡᠯᠪᠡᠷᠢ ᠪᠠᠷ ᠰᠣᠩᠭᠤᠨ ᠪᠣᠶᠢᠵᠢᠭᠤᠯᠣᠭᠰᠠᠨ ᠲᠣᠰᠠᠬᠠᠢ ᠡᠭᠦᠯᠳᠡᠷ ᠤᠨ ᠦᠭᠡᠷ ᠢ ᠬᠦᠮᠦᠰ ᠲᠤ  ᠬᠠᠷᠠᠭᠤᠯᠵᠣ᠂ ᠦᠵᠦᠮᠦᠴᠢᠨ ᠨᠣᠳᠤᠭ ᠲᠤ ᠢᠷᠡᠭᠡᠳ 50 ᠭᠠᠷᠣᠢ ᠪᠣᠯᠵᠣ ᠪᠠᠶᠢᠭ᠎ᠠ ᠴᠠᠷᠤᠯᠠᠶᠢᠰ ︵ ᠴᠠᠭᠠᠨ︶ ᠦᠭᠡᠷ ᠤᠨ ᠣᠳᠣᠮ ᠣᠭᠰᠢᠯ ᠤᠨ ᠪᠣᠶᠢᠵᠢᠯᠲᠠ᠂ ᠭᠠᠵᠠᠷ ᠣᠷᠣᠨ ᠎ ᠳᠤ ᠵᠣᠬᠢᠴᠠᠭᠰᠠᠨ ᠪᠠᠶᠢᠳᠠᠯ᠂ ᠢᠴᠡᠭᠡᠯ ᠦᠷ᠎ᠠ ᠶᠢᠨ ᠭᠡᠭᠡᠯᠳᠦᠭᠦᠯᠭᠡ᠂ ᠪᠡᠶᠡᠳᠡᠨ ᠬᠡᠬᠡᠯᠳᠦᠭᠦᠯᠭᠡ  ᠪᠣᠯᠣᠨ ᠲᠣᠬᠠᠢ ᠶᠢᠨ ᠣᠷᠣᠨ ᠠᠴᠠ ᠨᠢ ᠠᠪᠴᠢᠷᠠᠭᠰᠠᠨ ᠴᠣᠯᠣ ᠰᠢᠯᠢᠳᠡᠭ ᠡᠭᠦᠯᠳᠡᠷ ᠤᠨ ᠴᠠᠷᠣᠯᠠᠶᠢᠰ ︵ᠴᠠᠭᠠᠨ︶ ᠦᠭᠡᠷ ᠤᠨ ᠪᠣᠳᠠᠳᠣ ᠪᠠᠶᠢᠳᠠᠯ ᠎ ᠢ ᠬᠠᠷᠠᠭᠤᠯᠣᠭᠰᠠᠨ ᠪᠠᠶᠢᠨ᠎ᠠ᠃      ᠡᠨᠡ ᠣᠳᠠᠭᠠᠨ ᠤ ᠦᠵᠡᠬᠦᠯᠦᠯᠭᠡ ᠳᠤ ᠬᠤᠭᠤᠯᠠᠲᠣ ᠶᠢᠨ ᠭᠤᠣᠯ ᠪᠠᠯᠭᠠᠰᠣᠨ ᠤ ᠣᠷᠳᠣ ᠶᠢᠨ ᠭᠤᠣᠯ ᠭᠠᠴᠠᠭᠠᠨ ᠤ ᠮᠠᠯᠴᠢᠨ ᠡᠷᠳᠡᠨᠢᠪᠠᠭᠠᠳᠣᠷ ᠰᠢᠯᠢᠳᠡᠭ ᠡᠭᠦᠯᠳᠡᠷ ᠤᠨ ᠴᠠᠭᠠᠨ ᠦᠭᠡᠷ ᠢᠶᠠᠨ ᠠᠪᠴᠢᠷᠠᠨ ᠦᠵᠡᠭᠦᠯᠦᠯᠭᠡ ᠳᠤ ᠣᠷᠣᠯᠴᠠᠵᠣ᠂ ᠦᠵᠡᠭᠦᠯᠦᠯᠭᠡ ᠳᠤ ᠰᠣᠩᠭᠤᠨ ᠣᠷᠣᠯᠴᠠᠭᠤᠯᠣᠭᠰᠠᠨ 99 ᠴᠠᠭᠠᠨ ᠦᠭᠡᠷ ᠤᠨ ᠲᠣᠮᠳᠠ᠂ ᠭᠠᠷ ᠬᠡᠬᠡᠯᠳᠦᠭᠦᠯᠭᠡ ᠪᠠᠷ ᠪᠣᠶᠢᠵᠢᠭᠤᠯᠣᠭᠰᠠᠨ ᠰᠢᠯᠢᠳᠡᠭ ᠡᠭᠦᠯᠳᠡᠷ ᠤᠨ  ᠴᠠᠷᠣᠯᠠᠶᠢᠰ ︵ ᠴᠠᠭᠠᠨ︶ ᠦᠭᠡᠷ ᠤᠨ ᠲᠠᠪᠠᠭᠤᠯᠢᠭ ᠲᠠᠢ  ᠣᠨᠴᠠᠯᠢᠭ ᠰᠢᠨᠵᠢ ᠎ ᠶᠢ ᠬᠠᠳᠠᠭᠠᠯᠠᠭᠰᠠᠨ ᠢᠶᠠᠷ ᠢᠶᠠᠨ ᠣᠨᠴᠠᠯᠢᠭᠳᠠᠭᠰᠠᠨ ᠪᠠᠶᠢᠯ᠎ᠠ᠃     ᠡᠷᠳᠡᠨᠢᠪᠠᠭᠠᠳᠣᠷ ᠤᠨ ᠬᠢ 2000 ᠣᠨ ᠤ ᠡᠬᠢᠨ ᠠᠴᠠ ᠴᠠᠷᠣᠯᠠᠶᠢᠰ  ︵ᠴᠠᠭᠠᠨ︶ ᠦᠭᠡᠷ ᠣᠷᠣᠭᠤᠯᠣᠨ ᠮᠠᠯᠵᠢᠵᠣ᠂ ᠣᠣᠯ ᠤᠨ ᠨᠣᠳᠤᠭ ᠦᠭᠡᠷ ᠤᠨ ᠢᠶᠠᠨ ᠡᠬᠡ ᠮᠠᠯ ᠤᠨ ᠰᠠᠭᠤᠷᠢᠨ ᠲᠡᠭᠡᠷ᠎ᠡ ᠡᠬᠦᠯᠳᠡᠷ ᠰᠣᠯᠢᠨ ᠰᠢᠯᠢᠳᠡᠭᠵᠢᠬᠦᠯᠦᠨ ᠮᠠᠯᠵᠢᠬᠤ ᠵᠠᠮ ᠢᠶᠠᠷ ᠠᠩᠬ᠎ᠠ ᠵᠠᠮᠨᠠᠵᠣ ᠡᠬᠢᠯᠡᠭᠰᠡᠨ ᠪᠠᠶᠢᠯ᠎ᠠ᠃ ᠴᠠᠷᠣᠯᠠᠶᠢᠰ ︵ᠴᠠᠭᠠᠨ︶ ᠦᠭᠡᠷ ᠨᠢ ᠦᠵᠦᠮᠦᠴᠢᠨ ᠨᠣᠳᠤᠭ ᠲᠤ ᠢᠷᠡᠵᠦ ᠨᠣᠳᠣᠭᠰᠢᠨ ᠢᠳᠡᠭᠡᠰᠢᠭᠰᠡᠨ ᠠᠴᠠ ᠨᠠᠰᠢ ᠠᠳᠡᠬᠢ ᠮᠠᠯᠴᠢᠳ ᠲᠣᠬᠠᠢ ᠶᠢᠨ ᠴᠠᠭ ᠦᠶ᠎ᠡ ᠶᠢᠨ ᠨᠦᠬᠦᠴᠡᠯ ᠪᠣᠯᠣᠮᠵᠢ᠂ ᠬᠦᠭᠵᠢᠯ  ᠬᠤᠪᠢᠷᠠᠯ ᠲᠠᠢ ᠣᠶᠠᠯᠳᠣᠭᠤᠯᠣᠨ ᠰᠢᠯᠢᠳᠡᠭ ᠡᠭᠦᠯᠳᠡᠷ ᠤᠨ ᠪᠣᠬ᠎ᠠ ᠰᠣᠩᠭᠤᠨ ᠪᠡᠶᠡᠳᠡᠨ ᠭᠡᠭᠡᠯᠳᠦᠬᠦᠯᠬᠦ᠂ ᠢᠴᠡᠭᠡᠯ ᠦᠷ᠎ᠠ ᠶᠢᠨ ᠭᠡᠭᠡᠯᠳᠦᠭᠦᠯᠭᠡ ᠬᠢᠬᠦ ᠵᠡᠷᠭᠡ ᠠᠷᠭ᠎ᠠ ᠬᠡᠯᠪᠡᠷᠢ ᠪᠠᠷ ᠴᠠᠭᠠᠨ ᠦᠭᠡᠷ ᠤᠨ ᠡᠭᠦᠯᠳᠡᠷ ᠣᠭᠰᠠᠭ᠎ᠠ ᠶᠢ ᠰᠠᠶᠢᠵᠢᠷᠠᠭᠤᠯᠵᠣ ᠡᠳᠦᠭᠡ ᠪᠣᠯᠬᠤ ᠳᠤ ᠴᠠᠭ ᠦᠶ᠎ᠡ᠂ ᠨᠡᠶᠢᠭᠡᠮ ᠠᠬᠤᠢ᠂ ᠵᠠᠬ᠎ᠠ ᠲᠡᠯᠭᠡᠭᠦᠷ ᠤᠨ ᠬᠦᠭᠵᠢᠯ ᠦᠷᠢᠰᠦᠯᠳᠦᠭᠡᠨ ᠎ ᠳᠤ ᠬᠦᠯ ᠲᠣᠭᠳᠠᠬᠤ ᠪᠠᠰᠠ ᠨᠢᠭᠡᠨ ᠴᠢᠬᠤᠯᠠ ᠮᠠᠯᠵᠢᠯ ᠤᠨ ᠠᠷᠭ᠎ᠠ  ᠵᠠᠮ ᠨᠢ ᠪᠣᠯᠣᠭᠰᠠᠨ ᠪᠠᠶᠢᠨ᠎ᠠ᠃     ᠡᠷᠳᠡᠨᠢᠪᠠᠭᠠᠳᠣᠷ ᠤᠨ ᠬᠢ ᠣᠷᠴᠢᠮ ᠤᠨ ᠵᠢᠯ ᠴᠠᠭᠠᠨ ᠦᠭᠡᠷ ᠤᠨ ᠢᠶᠠᠨ ᠡᠭᠦᠯᠳᠡᠷ ᠣᠭᠰᠠᠭᠠᠨ ᠤ ᠰᠢᠯᠢᠳᠡᠭᠵᠢᠯ ᠢ ᠣᠨᠴᠠ ᠠᠩᠬᠠᠷᠴᠣ ᠢᠴᠡᠭᠡᠯ ᠦᠷ᠎ᠠ ᠶᠢᠨ ᠭᠡᠭᠡᠯᠳᠦᠭᠦᠯᠭᠡ ᠬᠢᠵᠦ ᠵᠢᠯ ᠪᠦᠷᠢ ᠰᠢᠯᠢᠳᠡᠭ ᠡᠭᠦᠯᠳᠡᠷ ᠤᠨ ᠲᠣᠭᠤᠯ ᠲᠣᠰᠬᠤ ᠶᠢ ᠪᠠᠳᠣᠯᠠᠵᠣ᠂ ᠲᠣᠭᠤᠯ ᠢᠶᠠᠨ ᠦᠷ᠎ᠠ ᠶᠢᠨ ᠮᠠᠯ ᠢᠶᠠᠷ ᠭᠠᠳᠠᠭᠰᠢ ᠪᠣᠷᠣᠯᠠᠭᠤᠯᠬᠤ ᠵᠡᠷᠭᠡ ᠠᠷᠭ᠎ᠠ ᠬᠡᠯᠪᠡᠷᠢ ᠪᠠᠷ ᠠᠰᠢᠭ ᠣᠷᠣᠯᠭ᠎ᠠ ᠪᠠᠨ  ᠨᠡᠮᠡᠭᠳᠡᠬᠦᠯᠵᠦ᠂ ᠲᠣᠭᠤᠯ ᠨᠢ  ᠵᠢᠯ ᠳᠡᠭᠡᠨ ᠲᠦᠮᠡ ᠭᠠᠷᠣᠢ ᠲᠦᠭᠦᠷᠢᠭ ᠠᠴᠠ ᠬᠤᠶᠠᠷ ᠲᠦᠮᠡᠨ ᠲᠦᠭᠦᠷᠢᠭ  ᠎ ᠲᠤ ᠬᠦᠷᠳᠡᠭ ᠪᠠᠶᠢᠨ᠎ᠠ᠃ ᠮᠦᠨ ᠴᠦ ᠪᠠᠷᠠᠭᠤᠨ ᠦᠵᠦᠮᠦᠴᠢᠨ ᠬᠤᠰᠢᠭᠤ ᠨᠢ ᠮᠠᠯᠴᠢᠳ ᠤᠨ ᠰᠢᠯᠢᠳᠡᠭ ᠡᠭᠦᠯᠳᠡᠷ ᠤᠨ ᠦᠭᠡᠷ ᠮᠠᠯᠵᠢᠵᠣ ᠠᠰᠢᠭ ᠣᠷᠣᠯᠭ᠎ᠠ ᠪᠠᠨ ᠨᠡᠮᠡᠭᠳᠡᠬᠦᠯᠬᠦ᠂ ᠪᠣᠷᠣᠯᠠᠭᠤᠯᠭ᠎ᠠ ᠶᠢᠨ ᠠᠷᠭ᠎ᠠ ᠵᠠᠮ ᠢ ᠨᠢ ᠥᠷᠭᠡᠳᠬᠡᠬᠦ ᠶᠢ ᠲᠡᠮᠵᠢᠬᠦ ᠵᠡᠷᠭᠡ ᠠᠷᠭ᠎ᠠ ᠵᠠᠮ ᠢ ᠰᠦᠪᠡᠭᠴᠢᠯᠡᠵᠦ᠂ ᠬᠤᠰᠢᠭᠤᠨ ᠤ ᠪᠠᠨ ᠬᠡᠪᠴᠢᠶᠡᠨ ᠳᠤ ᠦᠷ᠎ᠠ ᠶᠢᠨ ᠮᠠᠯ ᠬᠤᠳᠠᠯᠳᠣᠬᠤ᠂ ᠬᠤᠳᠠᠯᠳᠣᠨ ᠠᠪᠬᠤ ᠮᠠᠯᠴᠢᠨ ᠡᠷᠦᠭᠡ ᠳᠤ ᠴᠦᠮ ᠨᠦᠬᠦᠪᠦᠷᠢ ᠣᠯᠭᠤᠬᠤ ᠶᠢ ᠲᠡᠮᠵᠢᠵᠣ  ᠢᠷᠡᠭᠰᠡᠨ ᠢᠶᠠᠷ ᠮᠠᠯᠴᠢᠳ ᠤᠨ ᠢᠳᠡᠪᠬᠢᠵᠢᠯ ᠢ ᠲᠠᠶᠢᠴᠢᠯᠠᠭᠰᠠᠭᠠᠷ ᠢᠷᠡᠵᠡᠢ᠃       ᠮᠠᠯᠴᠢᠨ ᠡᠷᠳᠡᠨᠢᠪᠠᠭᠠᠳᠣᠷ ᠤᠨ ᠬᠢ  ᠲᠣᠰ ᠣᠳᠠᠭᠠᠨ ᠤ ᠦᠵᠡᠭᠦᠯᠦᠯᠭᠡ ᠳᠤ ᠠᠳᠠᠯᠢ ᠪᠣᠰᠣ ᠨᠠᠰᠣᠨ ᠤ 33 ᠲᠣᠯᠣᠭᠠᠢ ᠴᠠᠭᠠᠨ ᠦᠭᠡᠷ ᠢᠶᠠᠨ ᠠᠪᠴᠢᠷᠠᠨ ᠲᠦᠯᠦᠭᠡᠯᠡᠭᠴᠢ ᠰᠦᠷᠦᠭ ᠢᠶᠠᠷ ᠣᠷᠣᠯᠴᠠᠭᠤᠯᠣᠭᠠᠳ ᠠᠬᠤᠢ ᠲᠠᠯᠪᠠᠢ ᠳᠤ ᠲᠣᠰᠠᠬᠠᠢ ᠮᠡᠷᠭᠡᠵᠢᠯᠳᠡᠳ ᠪᠣᠯᠣᠨ ᠮᠠᠯᠴᠢᠳ ᠤᠨ  ᠰᠠᠶᠢᠨ ᠦᠨᠡᠯᠡᠯᠲᠡ ᠶᠢ ᠣᠯᠵᠣ᠂  ᠦᠵᠦᠮᠦᠴᠢᠨ ᠴᠠᠭᠠᠨ ᠦᠭᠡᠷ ᠭᠡᠵᠦ ᠠᠯᠳᠠᠷᠰᠢᠭᠰᠠᠨ ᠦᠭᠡᠷ ᠤᠨ ᠢᠶᠠᠨ ᠠᠰᠢᠭ ᠰᠢᠮ᠎ᠡ ᠶᠢ ᠬᠦᠷᠳᠡᠵᠦ ᠶᠠᠪᠣᠭ᠎ᠠ ᠰᠦᠷᠦᠭ ᠤᠨ ᠡᠵᠡᠨ ᠲᠡᠷᠡᠪᠡᠷ ᠴᠣ᠋ ᠪᠠᠶᠠᠷᠳᠠᠢ ᠪᠠᠶᠢᠯ᠎ᠠ᠃ ᠣᠶᠢᠯᠠᠭᠠᠭᠰᠠᠨ ᠢᠶᠠᠷ ᠡᠳᠡᠨᠡᠶᠢᠬᠢ ᠨᠢ ᠡᠨᠡ ᠵᠢᠯ ᠮᠦᠨ ᠨᠠᠶᠠᠭᠠᠳ ᠲᠣᠭᠤᠯ ᠲᠣᠰᠴᠣ ᠡᠨᠡ ᠨᠠᠮᠣᠷ ᠶᠡᠭᠡᠩᠬᠢ ᠶᠢ ᠎ ᠨᠢ ᠭᠠᠷᠭᠠᠯᠲᠠ ᠳᠤ ᠭᠠᠷᠭᠠᠬᠤ ᠪᠠᠷ ᠪᠠᠶᠢᠵᠣ᠂ ᠣᠳᠣᠬᠠᠨ ᠪᠣᠷᠣᠯᠠᠭᠤᠯᠭ᠎ᠠ ᠶᠢᠨ ᠠᠵᠢᠯ ᠢᠶᠠᠨ ᠡᠬᠢᠯᠡᠭᠦᠯᠦᠭᠡᠳ ᠪᠠᠶᠢᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号