ᠪᠠᠷᠠᠭᠤᠨ ᠦᠵᠦᠮᠦᠴᠢᠨ ᠬᠤᠰᠢᠭᠤ ᠤᠯᠠᠭᠠᠨᠬᠠᠳᠠ ᠬᠤᠲᠠ ᠶᠢᠨ ᠯᠢᠨᠰᠢ ᠰᠢᠶᠠᠨ ᠲᠠᠢ ᠣᠷᠣᠨ ᠪᠦᠰᠡ ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤᠷᠠᠨ ᠰᠢᠨ᠎ᠡ ᠶᠢ ᠡᠭᠦᠳᠬᠦ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/12
   9 ᠰᠠᠷ᠎ᠠ ᠶᠢᠨ 9 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ ᠵᠡᠷᠭᠡ ᠤᠳᠤᠷᠢᠳᠤᠯᠭ᠎ᠠ ᠨᠠᠷ ᠪᠠᠷᠠᠭᠤᠨ ᠦᠵᠦᠮᠦᠴᠢᠨ ᠬᠤᠰᠢᠭᠤᠨ ᠳᠤ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠬᠤ ᠪᠠᠷ ᠢᠷᠡᠭᠰᠡᠨ ᠯᠢᠨᠰᠢ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᡁᠢ ᠭᠠᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᡂᠢ ᠶᠠ ᠯᠢᠩ ᠨᠠᠷ ᠲᠠᠢ ᠬᠤᠶᠠᠷ ᠭᠠᠵᠠᠷ ᠤᠨ ᠣᠷᠣᠨ ᠪᠦᠰᠡ ᠠᠯᠤᠰᠯᠠᠨ ᠬᠠᠮᠲᠤ ᠪᠠᠷ ᠪᠠᠶᠢᠭᠤᠯᠵᠤ ᠬᠠᠮᠲᠤᠷᠠᠨ ᠰᠢᠨ᠎ᠡ ᠶᠢ ᠡᠭᠦᠳᠬᠦ ᠠᠵᠢᠯ ᠢ ᠥᠷᠨᠢᠭᠦᠯᠬᠦ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠶᠠᠷ ᠭᠠᠵᠠᠷ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃
   ᠬᠤᠷᠠᠯ ᠳᠤ᠂ ᠶᠣᠣ ᠬᠤᠩ ᠭᠠᠩ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠮᠠᠨ ᠤ ᠬᠤᠰᠢᠭᠤᠨ ᠳᠤ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠬᠤ ᠪᠠᠷ ᠢᠷᠡᠭᠰᠡᠨ ᠯᠢᠨᠰᠢ ᠰᠢᠶᠠᠨ ᠤ ᠤᠳᠤᠷᠢᠳᠤᠯᠭ᠎ᠠ ᠨᠠᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠶᠣᠣ ᠬᠤᠩ ᠭᠠᠩ ᠵᠢᠭᠠᠬᠤ ᠳᠠᠭᠠᠨ᠂ ᠪᠠᠷᠠᠭᠤᠨ ᠦᠵᠦᠮᠦᠴᠢᠨ ᠬᠤᠰᠢᠭᠤ ᠪᠣᠯᠣᠨ ᠯᠢᠨᠰᠢ ᠰᠢᠶᠠᠨ ᠨᠢ ᠬᠥᠷᠰᠢ ᠵᠡᠷᠭᠡᠯᠡᠳᠡᠭᠡ ᠣᠷᠣᠰᠢᠵᠤ᠂ ᠰᠣᠶᠣᠯ ᠢᠷᠭᠡᠨᠰᠢᠯ ᠤᠨ ᠬᠠᠷᠢᠴᠠᠭ᠎ᠠ ᠲᠠᠢ᠂ ᠬᠤᠶᠠᠷ ᠭᠠᠵᠠᠷ ᠤᠨ ᠤᠯᠠᠨ ᠲᠦᠮᠡᠨ ᠤ ᠶᠠᠪᠤᠯᠴᠠᠭ᠎ᠠ ᠨᠢᠭᠲᠠ ᠪᠠᠶᠢᠵᠤ᠂ ᠢᠯᠠᠩᠭᠤᠶ᠎ᠠ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ ᠠᠵᠢᠯ ᠦᠢᠯᠡᠰ ᠤᠨ ᠪᠠᠲᠤᠯᠠᠭ᠎ᠠ ᠵᠡᠷᠭᠡ ᠲᠠᠯ᠎ᠠ ᠪᠠᠷ ᠮᠠᠰᠢ ᠥᠷᠭᠡᠨ ᠳᠡᠯᠭᠡᠷ ᠰᠣᠯᠢᠯᠴᠠᠭ᠎ᠠ ᠪᠣᠯᠣᠨ ᠬᠥᠭᠵᠢᠯᠲᠡ ᠶᠢᠨ ᠣᠷᠣᠨ ᠵᠠᠢ ᠲᠠᠢ ᠶᠤᠮ᠃ ᠬᠤᠶᠠᠷ ᠲᠠᠯ᠎ᠠ ᠪᠠᠷ ᠢᠶᠠᠨ ᠬᠤᠶᠢᠰᠢᠳᠠ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ᠂ ᠬᠠᠮᠲᠤᠷᠠᠯᠴᠠᠭ᠎ᠠ ᠪᠠᠨ ᠦᠷᠭᠦᠯᠵᠢᠯᠡᠭᠦᠯᠦᠭᠰᠡᠨ ᠰᠠᠭᠤᠷᠢᠨ ᠳᠡᠭᠡᠷ᠎ᠡ᠂ ᠣᠷᠣᠨ ᠪᠦᠰᠡ ᠬᠤᠯᠪᠤᠭᠠᠯᠠᠨ ᠵᠠᠰᠠᠬᠤ᠂ ᠠᠵᠤ ᠦᠢᠯᠡᠰ ᠬᠤᠯᠪᠤᠭᠠᠯᠠᠨ ᠠᠰᠢᠭ ᠬᠦᠷᠳᠡᠬᠦ᠂ ᠦᠢᠯᠡᠴᠢᠯᠡᠭᠡᠨ ᠤ ᠲᠠᠯ᠎ᠠ ᠪᠠᠷ ᠬᠤᠯᠪᠤᠭᠠᠯᠠᠨ ᠠᠵᠢᠯᠯᠠᠬᠤ᠂ ᠴᠢᠳᠠᠪᠤᠷᠢᠲᠠᠨ ᠢ ᠬᠤᠯᠪᠤᠭᠠᠯᠠᠨ ᠬᠥᠮᠥᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃
   ᠵᠠᠩ ᡁᠢ ᠭᠠᠩ ᠱᠦᠵᠢ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠤᠳ ᠲᠤ᠂ ᠪᠠᠷᠠᠭᠤᠨ ᠦᠵᠦᠮᠦᠴᠢᠨ ᠬᠤᠰᠢᠭᠤ ︽99 ᠨᠣᠮᠧᠷᠲᠤ ᠲᠠᠯ᠎ᠠ ᠨᠤᠲᠤᠭ ᠤᠨ ᠵᠠᠰᠠᠮᠠᠯ ᠵᠠᠮ︾ ᠵᠡᠷᠭᠡ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠵᠢᠭᠤᠯᠴᠢᠯᠠᠯ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠯᠢᠨᠰᠢ ᠰᠢᠶᠠᠨ ᠤ ᠬᠠᠮᠢᠶ᠎ᠠ ᠪᠦᠬᠦᠢ ᠠᠵᠢᠯ ᠢ ᠥᠷᠨᠢᠭᠦᠯᠬᠦ ᠳᠤ ᠮᠠᠰᠢ ᠶᠡᠭᠡ ᠰᠡᠩᠬᠡᠷᠡᠭᠦᠯᠦᠯ ᠥᠭᠭᠦᠭᠰᠡᠨ ᠪᠠᠶᠢᠨ᠎ᠠ᠃ ᠬᠤᠶᠢᠰᠢᠳᠠ ᠬᠤᠶᠠᠷ ᠭᠠᠵᠠᠷ ᠢᠶᠠᠷ ᠢᠶᠠᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠪᠠᠨ ᠤᠯᠠᠮ ᠴᠢᠨᠠᠭᠰᠢᠳᠠ ᠴᠢᠩᠭᠠᠳᠬᠠᠵᠤ᠂ ᠨᠥᠬᠦᠷᠯᠡᠯ ᠢᠶᠠᠨ ᠵᠤᠵᠠᠭᠠᠳᠬᠠᠵᠤ᠂ ᠡᠯ᠎ᠡ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠠᠮᠲᠤᠷᠠᠯᠴᠠᠭᠠᠨ ᠤ ᠰᠢᠨ᠎ᠡ ᠵᠠᠮ ᠢ ᠲᠠᠰᠤᠷᠠᠯᠲᠠ ᠦᠭᠡᠢ ᠨᠡᠭᠡᠭᠡᠵᠦ᠂  ᠰᠢᠨ᠎ᠡ ᠠᠮᠵᠢᠯᠲᠠ ᠡᠭᠦᠳᠬᠦ ᠶᠢ ᠬᠦᠰᠡᠵᠦ ᠪᠠᠶᠢᠨ᠎ᠠ ᠭᠡᠵᠡᠢ᠃    ᠬᠤᠷᠠᠯ ᠳᠤ᠂ ᠬᠤᠶᠠᠷ ᠭᠠᠵᠠᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠶᠠᠷ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ᠂ ᠰᠣᠯᠢᠯᠴᠠᠭ᠎ᠠ ᠶᠠᠪᠤᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠵᠡᠷᠭᠡ ᠠᠵᠢᠯ ᠤᠨ ᠲᠣᠭᠤᠷᠢᠨ ᠳᠤ ᠶᠠᠷᠢᠶ᠎ᠠ ᠲᠠᠯᠪᠢᠵᠤ ᠰᠠᠨᠠᠯ ᠢᠶᠠᠨ ᠰᠣᠯᠢᠯᠴᠠᠭᠰᠠᠨ ᠪᠥᠭᠡᠳ ︽ᠣᠷᠣᠨ ᠪᠦᠰᠡ ᠶᠢᠨ ᠬᠠᠮᠲᠤᠷᠠᠯᠴᠠᠭᠠᠨ ᠤ ᠲᠣᠶᠢᠮᠤ ᠵᠥᠪᠯᠡᠯᠴᠡᠭᠡᠷ︾ ᠢ ᠲᠣᠬᠢᠷᠠᠯᠴᠠᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号