ᠰᠢᠯᠢ ᠶᠢᠨ ᠭᠤᠣᠯ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ︽ᠴᠢᠳᠠᠪᠤᠷᠢ ᠶᠢᠨ ᠮᠥᠷᠥᠶᠢᠴᠡᠭᠡᠨ︾ ᠤ ᠬᠤᠶᠢᠲᠤ ᠬᠡᠰᠡᠭ ᠤᠨ ᠲᠣᠭᠤᠷᠢᠨ ᠦᠵᠡᠬᠦ‌ᠠᠵᠢᠯᠯᠠᠭ᠎ᠠ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/9/12
    9 ᠰᠠᠷ᠎ᠠ ᠶᠢᠨ 10  ᠤ ᠡᠳᠦᠷ᠂ ᠰᠢᠯᠢ ᠶᠢᠨ ᠭᠤᠣᠯ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠤᠷᠢ ᠶᠢᠨ ᠮᠥᠷᠥᠶᠢᠴᠡᠭᠡᠨ︾ ᠤ ᠬᠤᠶᠢᠲᠤ ᠬᠡᠰᠡᠭ ᠤᠨ ᠲᠣᠭᠤᠷᠢᠨ ᠦᠵᠡᠬᠦ ᠠᠵᠢᠯᠯᠠᠭ᠎ᠠ ᠪᠠᠷᠠᠭᠤᠨ ᠦᠵᠦᠮᠦᠴᠢᠨ ᠬᠤᠰᠢᠭᠤᠨ ᠳᠤ ᠬᠥᠭᠵᠢᠶᠡᠨ ᠲᠠᠢ ᠡᠬᠢᠯᠡᠪᠡ᠃ ᠲᠤᠰ ᠠᠵᠢᠯᠯᠠᠭ᠎ᠠ ᠨᠢ ︽ᠲᠤᠬᠠᠢ ᠶᠢᠨ ᠲᠠᠯᠠᠪᠠᠢ ᠳᠤ ᠲᠣᠭᠤᠷᠢᠨ ᠦᠵᠡᠬᠦ + ᠮᠥᠷᠥᠶᠢᠴᠡᠭᠡᠨ︾ ᠤ ᠬᠡᠯᠪᠡᠷᠢ ᠪᠠᠷ ᠡᠯ᠎ᠡ ᠬᠤᠰᠢᠭᠤ ᠰᠢᠶᠠᠨ ᠤ ᠬᠢᠨ ᠨᠠᠮ ᠤᠨ ᠪᠠᠶᠢᠭᠤᠯᠤᠯᠲᠠ ᠶᠢ ᠠᠬᠢᠭᠤᠯᠵᠤ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠬᠥᠲᠥᠯᠥᠨ ᠳᠠᠭᠠᠭᠤᠯᠬᠤ ᠳᠤ ᠤᠷᠤᠭᠰᠢᠯᠠᠯᠲᠠ ᠶᠢᠨ ᠬᠥᠳᠡᠯᠭᠡᠬᠦ ᠬᠦᠴᠦᠨ ᠨᠡᠮᠡᠷᠢᠯᠡᠵᠦ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ᠂ ᠤᠷᠤᠯᠳᠤᠬᠤ ᠶᠢᠨ ᠳᠠᠭᠠᠤ ᠰᠤᠷᠤᠯᠴᠠᠵᠤ ᠰᠢᠯᠢᠳᠡᠭ ᠪᠣᠯᠬᠤ ᠪᠠᠷ ᠴᠢᠷᠮᠠᠶᠢᠬᠤ ᠠᠭᠤᠷ ᠠᠮᠢᠰᠬᠤᠯ ᠢ ᠪᠤᠢ ᠪᠣᠯᠭᠠᠪᠠ᠃ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠤᠳᠤᠷᠢᠳᠬᠤ ᠨᠥᠬᠦᠳ ᠠᠵᠢᠯᠯᠠᠭ᠎ᠠ ᠳᠤ ᠣᠷᠣᠯᠴᠠᠵᠤ ᠵᠢᠭᠠᠨ ᠵᠢᠯᠣᠭᠤᠳᠪᠠ᠃
    9 ᠰᠠᠷ᠎ᠠ ᠶᠢᠨ10 ᠤ ᠦᠳᠡ ᠶᠢᠨ ᠡᠮᠦᠨ᠎ᠡ᠂ ᠲᠣᠭᠤᠷᠢᠨ ᠦᠵᠡᠬᠦ ᠪᠦᠯᠬᠦᠮ ᠨᠢ 2 ᠳᠤᠭᠤᠶᠢᠯᠠᠩ ᠬᠤᠪᠢᠶᠠᠨ ᠤᠷᠢᠳ ᠬᠤᠵᠢᠳ ᠪᠠᠶᠠᠨᠬᠤᠰᠢᠭᠤ ᠰᠣᠮᠣᠨ ᠤ ᠨᠠᠮ ᠤᠨ ᠪᠠᠶᠢᠭᠤᠯᠤᠯᠲᠠ ᠶᠢᠨ ᠰᠠᠭᠤᠷᠢᠨ᠂ ᠰᠠᠶᠢᠬᠠᠨᠨᠠᠭᠤᠷ ᠭᠠᠴᠠᠭᠠᠨ ᠤ ᠨᠠᠮ ᠤᠨ ᠪᠠᠶᠢᠭᠤᠯᠤᠯᠲᠠ ᠶᠢᠨ ᠰᠠᠭᠤᠷᠢᠨ᠂ ᠤᠯᠠᠭᠠᠨᠬᠠᠭᠠᠯᠭ᠎ᠠ ᠰᠣᠮᠣᠨ ᠤ ᠨᠠᠮ ᠤᠨ ᠪᠠᠶᠢᠭᠤᠯᠤᠯᠲᠠ ᠶᠢᠨ ᠰᠠᠭᠤᠷᠢᠨ᠂ ᠳᠠᠪᠰᠢᠯᠲᠠ ᠭᠠᠴᠠᠭᠠᠨ ᠤ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠨᠣᠷᠪᠣᠰᠠᠩ ᠤᠨ ᠬᠢ ᠵᠡᠷᠭᠡ ᠭᠠᠵᠠᠷ ᠢᠶᠠᠷ ᠬᠦᠷᠴᠦ᠂ ᠰᠡᠳᠬᠢᠮᠵᠢ᠂ ᠬᠤᠪᠢᠷᠠᠯᠲᠠ᠂ ᠲᠤᠷᠰᠢᠯᠭ᠎ᠠ ᠵᠡᠷᠭᠡ ᠲᠠᠯ᠎ᠠ ᠪᠠᠷ ᠬᠠᠷᠢᠯᠴᠠᠨ ᠰᠤᠷᠤᠯᠴᠠᠵᠤ᠂ ︽ᠬᠤᠶᠠᠷ ᠢ  ᠪᠦᠲᠦᠭᠡᠬᠦ︾ ᠠᠵᠢᠯᠯᠠᠭ᠎ᠠ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠶᠢᠨ ᠦᠢᠯᠡᠳᠦᠯ ᠢ ᠪᠠᠳᠠᠷᠠᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠠᠵᠤ ᠦᠢᠯᠡᠰ ᠤᠨ ᠤᠯᠠᠨ ᠡᠰᠢᠵᠢᠭᠰᠡᠨ ᠬᠥᠭᠵᠢᠯᠲᠡ᠂ ᠠᠵᠤ ᠠᠬᠤᠢ ᠶᠢᠨ ᠬᠥᠭᠵᠢᠯ ᠪᠠᠳᠠᠷᠠᠯ᠂ ᠮᠠᠯᠴᠢᠳ ᠤᠨ ᠠᠮᠤᠷ ᠲᠠᠶᠢᠪᠤᠩ ᠠᠵᠤ ᠲᠥᠷᠥᠵᠦ ᠪᠠᠶᠢᠭ᠎ᠠ ᠪᠠᠶᠢᠳᠠᠯ ᠢ ᠣᠶᠢᠯᠠᠭᠠᠨ ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠰᠢᠨ᠎ᠡ ᠠᠷᠭ᠎ᠠ ᠵᠠᠮ ᠢ ᠬᠠᠮᠲᠤᠪᠠᠷ ᠰᠦᠪᠡᠭᠴᠢᠯᠡᠨ ᠰᠤᠷᠤᠯᠴᠠᠵᠠᠢ᠃    ᠭᠤᠷᠣᠬᠠᠨ ᠪᠠᠯᠭᠠᠰᠤᠨ ᠤ ᠬᠥᠳᠡᠭᠡᠨᠠᠭᠤᠷ ᠭᠠᠴᠠᠭᠠᠨ ᠤ ᠱᠦᠵᠢ ᠵᠦ ᠢᠦᠢ ᠵᠢᠶᠦ᠋ᠨ᠄ ︽ᠥᠨᠥᠳᠦᠷ ᠨᠠᠮ ᠤᠨ ᠪᠠᠶᠢᠭᠤᠯᠤᠯᠲᠠ ᠶᠢᠨ ᠰᠠᠭᠤᠷᠢᠨ ᠭᠠᠵᠠᠷ ᠪᠣᠯᠣᠨ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠪᠠᠷ ᠲᠣᠭᠤᠷᠢᠨ ᠰᠤᠷᠤᠯᠴᠠᠭᠠᠳ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠮᠠᠰᠢ ᠣᠯᠠᠨ ᠪᠣᠳᠠᠲᠤ ᠠᠭᠤᠯᠭ᠎ᠠ ᠶᠢ ᠣᠯᠵᠤ ᠰᠤᠷᠤᠯᠴᠠᠯ᠎ᠠ᠃ ᠳᠠᠷᠠᠭᠠᠴᠢ ᠪᠠᠷ ᠰᠤᠷᠤᠯᠴᠠᠭᠰᠠᠨ ᠵᠦᠢᠯ ᠢᠶᠠᠨ ᠦᠢᠯᠡᠳᠦᠯᠭᠡᠵᠢᠭᠦᠯᠦᠨ ᠬᠡᠷᠡᠭᠯᠡᠬᠦ ᠪᠠᠷ ᠴᠢᠷᠮᠠᠶᠢᠨ᠎ᠠ︾ ᠭᠡᠯ᠎ᠡ᠃    ᠲᠤᠰ ᠡᠳᠦᠷ ᠤᠨ ᠦᠳᠡ ᠶᠢᠨ ᠬᠤᠶᠢᠨ᠎ᠠ᠂ ᠪᠠᠷᠠᠭᠤᠨ ᠦᠵᠦᠮᠦᠴᠢᠨ ᠬᠤᠰᠢᠭᠤᠨ ᠤ 2024 ᠣᠨ ᠤ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠤᠷᠢ ᠶᠢᠨ ᠮᠥᠷᠥᠶᠢᠴᠡᠭᠡᠨ︾ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃ ᠪᠥᠬᠦ ᠬᠤᠰᠢᠭᠤᠨ ᠤ 6 ᠰᠤᠮᠤ ᠪᠠᠯᠭᠠᠰᠤᠨ ᠤ 6 ᠭᠠᠴᠠᠭᠠᠨ ᠤ ᠨᠠᠮ ᠤᠨ ᠡᠭᠦᠷ ᠤᠨ ᠱᠦᠵᠢ ᠸᠢᠳᠢᠤ᠋ ᠪᠠᠷ ᠳᠡᠯᠭᠡᠨ ᠦᠵᠡᠭᠦᠯᠬᠦ᠂ ᠲᠤᠰᠢᠶᠠᠯ ᠤᠨ ᠬᠠᠷᠢᠭᠤ ᠮᠡᠳᠡᠭᠦᠯᠦᠯᠲᠡ ᠶᠢᠨ ᠶᠠᠷᠢᠶ᠎ᠠ ᠢᠯᠡᠳᠬᠡᠯ ᠬᠢᠬᠦ ᠵᠡᠷᠭᠡ ᠬᠡᠯᠪᠡᠷᠢ ᠪᠠᠷ ︽ᠮᠥᠷᠥᠶᠢᠴᠡᠵᠦ︾᠂ ᠣᠨᠴᠠᠯᠢᠭᠲᠤ ᠠᠵᠤ ᠦᠢᠯᠡᠰ ᠤᠨ ᠠᠴᠢᠶᠠᠯᠠᠪᠤᠷᠢ᠂ ᠡᠳ᠋ ᠬᠥᠷᠥᠩᠭᠡ ᠪᠡᠯᠡ ᠮᠥᠩᠭᠦ ᠶᠢ ᠠᠰᠢᠭᠯᠠᠬᠤ᠂ ᠬᠠᠮᠲᠤ ᠶᠢᠨ ᠠᠵᠤ ᠠᠬᠤᠢ ᠶᠢ ᠬᠥᠭᠵᠢᠭᠦᠯᠬᠦ᠂ ᠮᠠᠯᠴᠢᠳ ᠢ ᠳᠠᠶᠢᠴᠢᠯᠠᠨ ᠪᠠᠶᠠᠵᠢᠭᠤᠯᠬᠤ ᠵᠡᠷᠭᠡ ᠲᠠᠯ᠎ᠠ ᠪᠠᠷ ᠭᠤᠣᠯᠳᠠᠯᠭ᠎ᠠ ᠪᠣᠯᠭᠠᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠣᠨᠴᠠᠯᠢᠭ ᠲᠠᠢ᠂ ᠪᠣᠳᠠᠲᠤ ᠠᠮᠵᠢᠯᠲᠠ  ᠲᠠᠢ᠂ ᠰᠢᠨ᠎ᠡ ᠡᠭᠦᠳᠦᠯᠲᠡ ᠲᠠᠢ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠦ᠂ ᠦᠵᠡᠭᠴᠢᠳ ᠤᠨ ᠬᠦᠷᠢᠶᠡᠯᠡᠯ ᠢ ᠣᠯᠪᠠ᠃    ᠲᠤᠰ ᠤᠳᠠᠭᠠᠨ ᠤ ᠮᠥᠷᠥᠶᠢᠴᠡᠭᠡᠨ ᠳᠤ᠂ ᠪᠠᠶᠠᠨᠬᠤᠰᠢᠭᠤ ᠰᠣᠮᠣᠨ ᠤ ᠰᠠᠶᠢᠬᠠᠨᠨᠠᠭᠤᠷ  ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠵᠥᠪᠯᠡᠯ ᠤᠨ ᠡᠷᠬᠢᠯᠡᠭᠴᠢ ᠨᠠᠪᠴᠢ ᠨᠢᠭᠡᠳᠦᠭᠡᠷ ᠨᠡᠷ᠎ᠡ ᠳᠤ ᠲᠣᠳᠣᠷᠠᠵᠤ᠂ ᠤᠯᠠᠭᠠᠨᠬᠠᠭᠠᠯᠭ᠎ᠠ ᠰᠣᠮᠣᠨ ᠤ ᠰᠢᠨᠡᠭᠤᠣᠯ ᠭᠠᠴᠠᠭᠠᠨ ᠤ ᠨᠠᠮ ᠤᠨ ᠡᠭᠦᠷ ᠤᠨ ᠱᠦᠵᠢ᠂  ᠭᠠᠴᠠᠭᠠᠨ ᠵᠥᠪᠯᠡᠯ ᠤᠨ ᠡᠷᠬᠢᠯᠡᠭᠴᠢ ᠪᠠᠲᠤᠰᠦ᠋ᠬᠡ᠂ ᠵᠢᠷ ᠤᠨ ᠭᠤᠣᠯ ᠪᠠᠯᠭᠠᠰᠤᠨ ᠤ ᠵᠢᠷ ᠤᠨ ᠭᠤᠣᠯ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠵᠥᠪᠯᠡᠯ ᠤᠨ ᠡᠷᠬᠢᠯᠡᠭᠴᠢ ᠡᠷᠬᠢᠮᠪᠠᠭᠠᠳᠣᠷ ᠲᠣᠰ ᠲᠤᠰ ᠬᠤᠶᠠᠳᠤᠭᠠᠷ ᠨᠡᠷ᠎ᠡ ᠪᠠ ᠭᠤᠷᠪᠠᠳᠤᠭᠠᠷ ᠨᠡᠷ᠎ᠡ ᠳᠤ ᠲᠣᠳᠣᠷᠠᠪᠠ᠃   ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ  ᠯᠢ·  ᠭᠡᠷᠡᠯ᠄ ︽ᠲᠤᠰ ᠤᠳᠠᠭᠠᠨ ᠤ ︽ᠴᠢᠳᠠᠪᠤᠷᠢ ᠶᠢᠨ ᠮᠥᠷᠥᠶᠢᠴᠡᠭᠡᠨ︾ ᠤ ᠬᠠᠷᠢᠯᠴᠠᠨ ᠰᠤᠷᠤᠯᠴᠠᠬᠤ ᠠᠵᠢᠯᠯᠠᠭ᠎ᠠ ᠳᠤ ᠣᠷᠣᠯᠴᠠᠭᠠᠳ ᠮᠠᠰᠢ ᠣᠯᠠᠨ ᠲᠤᠷᠰᠢᠯᠭ᠎ᠠ ᠶᠢ ᠣᠯᠵᠤ ᠰᠤᠷᠤᠯᠴᠠᠭᠰᠠᠨ ᠮᠥᠷᠲᠡᠭᠡᠨ ᠥᠪᠡᠷ ᠤᠨ ᠬᠦᠷᠦᠯᠴᠡᠬᠦ ᠦᠭᠡᠢ ᠲᠠᠯ᠎ᠠ ᠪᠠᠨ ᠣᠯᠵᠤ ᠲᠠᠨᠢᠯ᠎ᠠ᠃ ᠬᠤᠶᠢᠰᠢᠳᠠ᠂ ᠳᠤᠲᠠᠭᠳᠠᠯ ᠢᠶᠠᠨ ᠨᠦᠬᠦᠪᠦᠷᠢᠯᠡᠨ᠂ ᠠᠵᠢᠯ ᠤᠨ ᠬᠢᠷᠢ ᠳᠦᠪᠰᠢᠨ ᠢᠶᠠᠨ ᠶᠡᠷᠦᠩᠬᠡᠢ ᠳᠤᠨᠢ ᠳᠡᠭᠡᠭᠰᠢᠯᠡᠭᠦᠯᠬᠦ ᠪᠠᠷ ᠴᠢᠷᠮᠠᠶᠢᠨ᠎ᠠ︾ ᠭᠡᠯ᠎ᠡ᠃    ᠲᠤᠰ ᠤᠳᠠᠭᠠᠨ ᠤ ᠠᠵᠢᠯᠯᠠᠭ᠎ᠠ ᠨᠢ ︽ᠡᠷᠡᠯᠬᠡᠭᠯᠡᠨ ᠤᠷᠤᠭᠰᠢᠯᠠᠬᠤ︾ ᠳᠦᠷᠰᠦ ᠪᠠᠶᠢᠳᠠᠯ ᠂ ᠢᠲᠡᠭᠡᠯ ᠵᠣᠷᠢᠭ ᠢ ᠢᠯᠡᠷᠡᠭᠦᠯᠦᠭᠰᠡᠨ ᠪᠠᠶᠢᠨ᠎ᠠ᠃ ᠬᠤᠶᠢᠰᠢᠳᠠ᠂ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠨᠢ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠰᠢᠯᠠᠵᠤ᠂ ᠨᠠᠮ ᠤᠨ ᠪᠠᠶᠢᠭᠤᠯᠤᠯᠲᠠ ᠶᠢᠨ ᠭᠤᠶᠢᠳᠠ ᠰᠠᠶᠢᠬᠠᠨ ᠢᠶᠠᠷ ᠬᠥᠳᠡᠭᠡ ᠲᠣᠰᠬᠤᠨ ᠤ ᠭᠡᠷᠡᠯ ᠭᠢᠯᠪᠠᠭ᠎ᠠ ᠶᠢ ᠰᠠᠴᠤᠷᠠᠭᠤᠯᠬᠤ ᠶᠢ ᠠᠬᠢᠭᠤᠯᠬᠤ ᠪᠣᠯᠣᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号