ᠪᠠᠷᠠᠭᠤᠨ ᠦᠵᠦᠮᠦᠴᠢᠨ ᠬᠤᠰᠢᠭᠤ 2024 ᠣᠨ ᠤ ᠴᠠᠷᠤᠯᠠᠶᠢᠰ ᠦᠭᠡᠷ ︽ᠦᠵᠦᠮᠦᠴᠢᠨ ᠴᠠᠭᠠᠨ ᠦᠬᠡᠷ︾ ᠤᠨ ᠠᠵᠤ ᠦᠢᠯᠡᠰ ᠤᠨ ᠬᠥᠭᠵᠢᠯᠲᠡ ᠶᠢᠨ  ᠬᠤᠷᠠᠯ ᠵᠢᠴᠢ ᠦᠬᠡᠷ ᠤᠨ ᠦᠵᠡᠭᠦᠯᠦᠯᠭᠡ ᠡᠷᠬᠢᠯᠡᠪᠡ
ᠨᠡᠶᠢᠲᠡᠯᠡᠭᠰᠡᠨ ᠴᠠᠭ᠄
2024/9/13
   9 ᠰᠠᠷ᠎ᠠ ᠶᠢᠨ 9 ᠤ ᠦᠳᠡ ᠶᠢᠨ ᠡᠮᠦᠨ᠎ᠡ᠂ ᠪᠠᠷᠠᠭᠤᠨ ᠦᠵᠦᠮᠦᠴᠢᠨ ᠬᠤᠰᠢᠭᠤᠨ ᠤ ᠴᠠᠷᠤᠯᠠᠶᠢᠰ ᠦᠭᠡᠷ ︽ᠦᠵᠦᠮᠦᠴᠢᠨ ᠴᠠᠭᠠᠨ ᠦᠬᠡᠷ︾ ᠤᠨ ᠦᠵᠡᠭᠦᠯᠦᠯᠭᠡ ᠬᠤᠰᠢᠭᠤ ᠨᠠᠶᠢᠷ ᠤᠨ ᠲᠠᠯᠠᠪᠠᠢ ᠳᠤ  ᠬᠦᠭᠵᠢᠶᠡᠨᠲᠠᠢ  ᠶᠠᠪᠤᠭᠳᠠᠪᠠ᠃
    ᠲᠣᠰ ᠤᠳᠠᠭᠠᠨ ᠤ ᠦᠬᠡᠷ ᠤᠨ ᠦᠵᠡᠬᠦᠯᠦᠯᠭᠡ  ᠶᠢ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠠᠴᠠ ᠭᠤᠣᠯᠯᠠᠨ ᠡᠷᠭᠢᠯᠡᠵᠦ᠂  ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠲᠤᠪᠴᠢᠶᠠᠨ ᠠᠴᠠ ᠳᠠᠭᠠᠭᠠᠴᠢᠯᠠᠨ ᠡᠷᠭᠢᠯᠡᠵᠡᠶ᠃ ᠬᠤᠰᠢᠭᠤ ᠨᠠᠮ ᠤᠨ ᠬᠤᠷᠢᠶᠠᠨ  ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ  ᠰᠢᠤᠸᠠᠢ ᠶᠢᠩ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠳᠡᠳ᠋ ᠡᠷᠬᠢᠯᠡᠭᠴᠢ ᠲᠠᠢ ᠫᠢᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠣᠣ ᠬᠠᠢ ᠮᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠬᠤᠰᠢᠭᠤ ᠳᠡᠳ᠋ ᠳᠠᠷᠤᠭ᠎ᠠ  ᠬᠠᠢ ᠱᠠᠨ  ᠶᠠᠷᠢᠶ᠎ᠠ ᠲᠠᠯᠪᠢᠭᠰᠠᠨ ᠪᠦᠬᠡᠳ ᠦᠬᠡᠷ ᠤᠨ ᠦᠵᠡᠬᠦᠯᠦᠯᠬᠡ ᠡᠬᠢᠯᠡᠭᠰᠡᠨ ᠢ ᠵᠠᠷᠯᠠᠪᠠ᠃
   ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠤᠳᠤᠷᠢᠳᠤᠯᠭ᠎ᠠ᠂ ᠰᠢᠯᠢ ᠶᠢᠨ ᠭᠤᠣᠯ ᠠᠶᠢᠮᠠᠭ ᠤᠨ ᠬᠠᠮᠢᠶ᠎ᠠ ᠪᠦᠬᠦᠢ  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠠᠵᠤ ᠠᠬᠤᠶᠢᠯᠠᠯᠲᠠᠨ ᠤ ᠲᠥᠯᠥᠭᠡᠯᠡᠭᠴᠢ ᠵᠢᠴᠢ ᠮᠠᠯᠵᠢᠯ ᠤᠨ ᠲᠣᠮᠣ ᠡᠷᠦᠬᠡ  ᠤᠳ  ᠦᠵᠡᠬᠦᠯᠦᠯᠬᠡ ᠳᠤ ᠤᠷᠤᠯᠴᠠᠵᠠᠢ᠃
  ᠲᠤᠰ ᠤᠳᠠᠭᠠᠨ ᠤ ᠴᠠᠷᠤᠯᠠᠶᠢᠰ ᠦᠭᠡᠷ ︽ᠦᠵᠦᠮᠦᠴᠢᠨ ᠴᠠᠭᠠᠨ ᠦᠬᠡᠷ︾  ᠤᠨ ᠦᠵᠡᠭᠦᠯᠦᠯᠭᠡ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠵᠦᠮᠦᠴᠢᠨ ᠴᠠᠭᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠰᠢᠷᠢᠰ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠡᠭᠦᠷᠭᠡ ᠶᠢ ᠰᠠᠶᠢᠲᠤᠷ ᠪᠡᠶᠡᠯᠡᠬᠦᠯᠵᠦ᠂ ᠣᠶᠢᠷ᠎ᠠ ᠶᠢᠨ ᠵᠢᠯ ᠤᠳ ᠤᠨ ᠪᠠᠷᠠᠭᠤᠨ ᠦᠵᠦᠮᠦᠴᠢᠨ ᠬᠤᠰᠢᠭᠤᠨ ᠤ ᠴᠠᠷᠤᠯᠠᠶᠢᠰ ᠦᠭᠡᠷ ︽ᠦᠵᠦᠮᠦᠴᠢᠨ ᠴᠠᠭᠠᠨ ᠦᠬᠡᠷ︾  ᠤᠨ ᠴᠡᠪᠡᠷ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠵᠢᠴᠢ ᠦᠵᠦᠮᠦᠴᠢᠨ ᠴᠠᠭᠠᠨ ᠦᠬᠡᠷ ᠤᠨ ᠰᠢᠨ᠎ᠡ ᠡᠭᠦᠯᠳᠡᠷ ᠢ ᠪᠣᠶᠢᠵᠢᠭᠤᠯᠬᠤ ᠠᠵᠢᠯ ᠤᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠮᠠᠯᠵᠢᠬᠤ ᠲᠠᠷᠢᠶᠠᠯᠠᠬᠤ ᠡᠷᠦᠬᠡ ᠶᠢᠨ ᠬᠤᠭᠤᠷᠣᠨᠳᠣᠬᠢ ᠰᠣᠯᠢᠯᠴᠠᠭ᠎ᠠ᠂ ᠬᠠᠮᠲᠤᠷᠠᠯᠴᠠᠭ᠎ᠠ ᠪᠠ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠪᠥᠬᠦ ᠬᠤᠰᠢᠭᠤᠨ ᠤ ᠥᠷᠭᠡᠨ ᠣᠯᠠᠨ ᠮᠠᠯᠴᠢᠨ ᠲᠦᠮᠡᠨ ᠤ ᠮᠠᠯ ᠤᠨ ᠡᠭᠦᠯᠳᠡᠷ ᠢ ᠰᠠᠶᠢᠵᠢᠷᠠᠭᠤᠯᠬᠤ ᠢᠳᠡᠪᠬᠢᠵᠢᠯ ᠢ ᠳᠡᠭᠡᠭᠰᠢᠯᠡᠭᠦᠯᠵᠦ᠂ ︽ᠦᠵᠦᠮᠦᠴᠢᠨ ᠴᠠᠭᠠᠨ ᠦᠬᠡᠷ︾  ᠢ ᠲᠦᠷᠭᠡᠨ ᠪᠣᠶᠢᠵᠢᠭᠤᠯᠵᠤ᠂ ︽ᠦᠵᠦᠮᠦᠴᠢᠨ ᠴᠠᠭᠠᠨ ᠦᠬᠡᠷ︾ ᠤᠨ ᠡᠭᠦᠯᠳᠡᠷ ᠢ  ᠲᠠᠰᠤᠷᠠᠯᠲᠠ ᠦᠭᠡᠢ  ᠰᠢᠯᠢᠳᠡᠭᠵᠢᠬᠦᠯᠬᠦ ᠶᠢ ᠠᠯᠬᠤᠮ ᠠᠯᠬᠤᠮ ᠢᠶᠠᠷ  ᠪᠡᠶᠡᠯᠡᠬᠦᠯᠬᠦ ᠳᠤ ᠢᠳᠡᠪᠬᠢᠲᠡᠢ ᠦᠢᠯᠡᠳᠦᠯ ᠦᠵᠡᠭᠦᠯᠬᠦ ᠪᠣᠯᠣᠨ᠎ᠠ᠃     ᠦᠬᠡᠷ ᠤᠨ ᠦᠵᠡᠬᠦᠯᠦᠯᠬᠡ ᠨᠢ ᠭᠤᠷᠪᠠᠨ ᠦᠵᠡᠭᠦᠯᠦᠯᠭᠡ ᠶᠢᠨ ᠲᠣᠭᠤᠷᠢᠭ ᠲᠠᠢ᠂ ᠲᠣᠰ ᠲᠣᠰ ᠴᠠᠷᠤᠯᠠᠶᠢᠰ ᠦᠭᠡᠷ ︽ᠦᠵᠦᠮᠦᠴᠢᠨ ᠴᠠᠭᠠᠨ ᠦᠬᠡᠷ︾ ᠤᠨ ᠴᠡᠪᠡᠷ ᠡᠭᠦᠯᠳᠡᠷ ᠢ ᠦᠷᠡᠵᠢᠭᠦᠯᠦᠨ ᠪᠣᠶᠢᠵᠢᠭᠤᠯᠤᠭᠰᠠᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠲᠣᠭᠤᠷᠢᠭ᠂  ᠭᠠᠷ ᠬᠡᠭᠡᠯᠲᠦᠭᠦᠯᠭᠡ ᠶᠢᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠲᠣᠭᠤᠷᠢᠭ ᠪᠠ ᠪᠡᠶᠡᠳᠡᠬᠦᠯᠦᠨ ᠬᠡᠭᠡᠯᠳᠦᠬᠦᠯᠭᠡ ᠶᠢᠨ ᠦᠷ᠎ᠡ ᠪᠦᠲᠦᠭᠡᠯ ᠤᠨ ᠦᠵᠡᠭᠦᠯᠦᠯᠭᠡ ᠶᠢᠨ ᠲᠣᠭᠤᠷᠢᠭ  ᠬᠤᠪᠢᠶᠠᠵᠤ᠂ ᠦᠵᠡᠭᠦᠯᠦᠯᠭᠡ  ᠶᠢᠨ ᠲᠣᠭᠤᠷᠢᠭ ᠪᠣᠯᠭᠠᠨ ᠳᠤ ᠴᠥᠮ  33 ᠴᠠᠷᠤᠯᠠᠶᠢᠰ  ᠦᠭᠡᠷ ︽ᠦᠵᠦᠮᠦᠴᠢᠨ ᠴᠠᠭᠠᠨ ᠦᠬᠡᠷ︾ ᠢ ᠬᠠᠷᠠᠭᠤᠯᠵᠤ᠂ ᠨᠡᠶᠢᠲᠡ  99 ᠦᠬᠡᠷ   ᠢ ᠦᠵᠡᠬᠦᠯᠦᠯᠬᠡ ᠶᠢᠨ ᠲᠠᠯᠠᠪᠠᠢ ᠳᠤ ᠠᠪᠴᠢᠷᠠᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠦᠵᠦᠮᠦᠴᠢᠨ ᠴᠠᠭᠠᠨ ᠦᠬᠡᠷ ᠪᠣᠯ ᠹᠷᠠᠨᠼᠢ ᠶᠢᠨ ᠴᠡᠪᠡᠷ ᠡᠭᠦᠯᠳᠡᠷ ᠤᠨ ᠴᠠᠷᠤᠯᠠᠶᠢᠰ ᠦᠬᠡᠷ ᠪᠣᠯᠣᠨ ᠲᠣᠰ ᠭᠠᠵᠠᠷ  ᠤᠷᠤᠨ ᠤ ᠦᠬᠡᠷ ᠢ ᠲᠠᠪᠢᠨ ᠵᠢᠯ ᠤᠨ ᠲᠤᠷᠰᠢ ᠡᠷᠯᠢᠰᠵᠢᠭᠦᠯᠦᠨ ᠰᠢᠯᠢᠳᠡᠭᠵᠢᠬᠦᠯᠵᠦ᠂ ᠴᠡᠪᠡᠷᠰᠢᠭᠦᠯᠦᠨ ᠰᠠᠶᠢᠵᠢᠷᠠᠭᠤᠯᠤᠭᠰᠠᠨ ᠤ ᠳᠠᠷᠠᠭ᠎ᠠ ᠪᠣᠶᠢᠵᠢᠭᠤᠯᠤᠭᠰᠠᠨ  ᠮᠢᠬᠠᠨ ᠤ ᠦᠬᠡᠷ ᠤᠨ ᠰᠢᠨ᠎ᠡ ᠡᠭᠦᠯᠳᠡᠷ ᠪᠣᠯᠣᠨ᠎ᠠ᠃ 50 ᠵᠢᠯ ᠤᠨ ᠡᠮᠦᠨ᠎ᠡ᠂ ᠤᠯᠤᠰ ᠠᠴᠠ 17 ᠴᠡᠪᠡᠷ ᠡᠭᠦᠯᠳᠡᠷ ᠤᠨ ᠴᠠᠷᠤᠯᠠᠶᠢᠰ  ᠦᠬᠡᠷ ᠢ ᠥᠪᠥᠷ ᠮᠣᠩᠭᠤᠯ ᠳᠤ ᠲᠤᠰᠢᠶᠠᠨ ᠥᠭᠴᠦ ᠪᠣᠶᠢᠵᠢᠭᠤᠯᠪᠠ᠂ ᠡᠨᠡ ᠨᠢ ᠨᠠᠮ ᠤᠨ ᠲᠥᠪ ᠬᠤᠷᠢᠶ᠎ᠠ ᠠᠴᠠ ᠮᠠᠨ ᠤ ᠬᠤᠰᠢᠭᠤᠨ  ᠳᠤ ᠥᠭᠭᠦᠭᠰᠡᠨ ᠭᠦᠨ ᠵᠤᠵᠠᠭᠠᠨ ᠬᠠᠶᠢᠷ᠎ᠠ ᠬᠠᠯᠠᠮᠵᠢ ᠪᠠ ᠢᠳᠡᠭᠡᠯ ᠨᠠᠶᠢᠳᠠᠯᠭ᠎ᠠ ᠬᠦᠰᠡᠯ ᠡᠷᠡᠮᠡᠯᠵᠡᠯ ᠢ ᠭᠦᠢᠴᠡᠳ ᠬᠠᠷᠠᠭᠤᠯᠵᠠᠢ᠃    ᠴᠠᠷᠤᠯᠠᠶᠢᠰ  ᠦᠭᠡᠷ ︽ᠦᠵᠦᠮᠦᠴᠢᠨ ᠴᠠᠭᠠᠨ ᠦᠬᠡᠷ︾   ᠢ ᠲᠡᠵᠢᠭᠡᠨ ᠦᠷᠡᠵᠢᠭᠦᠯᠵᠦ ᠪᠠᠶᠢᠭ᠎ᠠ ᠮᠠᠯᠴᠢᠳ ᠤᠨ ᠣᠯᠠᠩᠬᠢ ᠨᠢ ︽99 ᠨᠣᠮᠧᠷᠲᠤ ᠵᠠᠰᠠᠮᠠᠯ ᠵᠠᠮ︾ ᠤᠨ ᠣᠶᠢᠷ᠎ᠠ ᠬᠠᠪᠢ ᠳᠤ ᠰᠠᠭᠤᠷᠢᠰᠢᠵᠤ ᠪᠠᠶᠢᠳᠠᠭ ᠠᠴᠠ  ᠲᠤᠭᠤᠷᠢᠨ ᠵᠤᠭᠠᠴᠠᠭᠰᠠᠳ ᠤᠨ︽99 ᠨᠣᠮᠧᠷᠲᠤ ᠵᠠᠰᠠᠮᠠᠯ ᠵᠠᠮ︾ ᠢᠶᠠᠷ ᠠᠶᠠᠯᠠᠬᠤ ᠳᠤ᠂ ᠦᠵᠦᠮᠦᠴᠢᠨ ᠤ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠣᠨᠢᠷᠬᠠᠬᠤ ᠪᠠᠷ ᠪᠠᠷᠠᠬᠤ ᠦᠭᠡᠢ᠂ ᠪᠠᠰᠠ ᠵᠠᠮ ᠤᠨ ᠬᠤᠶᠠᠷ ᠬᠠᠵᠠᠭᠤᠨ ᠳᠤ ᠲᠠᠪᠠᠳᠠᠢ ᠢᠳᠡᠰᠢᠯᠡᠵᠦ ᠪᠠᠶᠢᠭ᠎ᠠ ᠰᠦᠷᠦᠭ ᠰᠦᠷᠦᠭ ᠴᠠᠷᠤᠯᠠᠶᠢᠰ  ᠦᠭᠡᠷ ︽ᠦᠵᠦᠮᠦᠴᠢᠨ ᠴᠠᠭᠠᠨ ᠦᠬᠡᠷ︾ ᠴᠠᠭᠠᠨ ᠦᠬᠡᠷ   ᠤᠳ  ᠨᠤᠮᠢᠨ ᠨᠣᠭᠤᠭᠠᠨ ᠲᠠᠯ᠎ᠠ  ᠪᠤᠯᠤᠨ ᠰᠤᠯᠤᠩᠭᠠᠨ ᠦᠩᠭᠡᠲᠦ ᠵᠠᠰᠠᠮᠠᠯ ᠵᠠᠮ   ᠤᠨ  ᠴᠢᠮᠡᠭ ᠪᠤᠯᠤᠨ ᠲᠤᠷᠠᠶᠢᠨ᠎ᠠ᠃    ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠪᠠᠯᠭᠠᠰᠤᠨ ᠳᠠᠷᠤᠭ᠎ᠠ᠂ ᠮᠠᠯ ᠠᠵᠤ ᠠᠬᠤᠢ ᠶᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ᠂  ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠮᠠᠯᠴᠢᠨ ᠲᠠᠷᠢᠶᠠᠴᠢᠨ ᠤ ᠲᠥᠯᠥᠭᠡᠯᠡᠭᠴᠢ ᠲᠣᠰ ᠤᠳᠠᠭᠠᠨ ᠤ ᠦᠬᠡᠷ ᠤᠨ ᠦᠵᠡᠬᠦᠯᠦᠯᠬᠡ ᠳᠤ ᠣᠷᠣᠯᠴᠠᠵᠠᠢ᠃  ᠦᠳᠡ ᠶᠢᠨ ᠬᠤᠶᠢᠨ᠎ᠠ᠂ ᠬᠤᠰᠢᠭᠤ ᠵᠣᠴᠢᠳ ᠤᠨ ᠪᠠᠭᠤᠳᠠᠯ ᠳᠤ ᠴᠠᠷᠤᠯᠠᠶᠢᠰ ᠦᠭᠡᠷ ︽ᠦᠵᠦᠮᠦᠴᠢᠨ ᠴᠠᠭᠠᠨ ᠦᠬᠡᠷ︾ ᠤᠨ ᠠᠵᠤ ᠦᠢᠯᠡᠰ ‍ᠦᠨ‌‍ᠬᠥ᠋ᠭᠵᠢᠯᠲᠡ ᠶᠢᠨ ᠬᠤᠷᠠᠯ  ᠬᠤᠷᠠᠯᠳᠤᠵᠤ᠂ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠬᠠᠷᠢᠭᠤᠴᠠᠯᠭᠠᠲᠠᠨ ᠠᠴᠠ ᠪᠠᠷᠠᠭᠤᠨ ᠦᠵᠦᠮᠦᠴᠢᠨ ᠬᠤᠰᠢᠭᠤᠨ ᠤ ᠴᠠᠷᠤᠯᠠᠶᠢᠰ ᠦᠭᠡᠷ ︽ᠦᠵᠦᠮᠦᠴᠢᠨ ᠴᠠᠭᠠᠨ ᠦᠬᠡᠷ︾ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃     ᠳᠠᠷᠠᠭ᠎ᠠ ᠨᠢ᠂ ᠲᠤᠰᠬᠠᠢ ᠮᠡᠷᠭᠡᠵᠢᠯᠲᠡᠨ᠂ ᠡᠷᠳᠡᠮᠲᠡᠨ᠂ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠬᠤᠯᠪᠣᠭᠳᠠᠯ ᠪᠦᠬᠦᠢ ᠠᠵᠢᠯ ᠲᠥᠷᠥᠯ ᠤᠨ ᠠᠵᠢᠯᠲᠠᠳ ᠦᠵᠦᠮᠦᠴᠢᠨ ᠴᠠᠭᠠᠨ ᠦᠬᠡᠷ ᠤᠨ ᠡᠭᠦᠯᠳᠡᠷ ᠤᠨ ᠣᠨᠴᠠᠯᠢᠭ᠂ ᠲᠡᠵᠢᠭᠡᠨ ᠦᠷᠡᠵᠢᠭᠦᠯᠬᠦ ᠮᠡᠷᠭᠡᠵᠢᠯ᠂ ᠠᠮᠢ ᠠᠬᠤᠢ ᠶᠢᠨ ᠥᠷᠲᠡᠭ ᠵᠢᠴᠢ ᠠᠵᠤ ᠦᠢᠯᠡᠰ ᠤᠨ ᠬᠥᠭᠵᠢᠯᠲᠡ ᠶᠢᠨ ᠲᠦᠰᠦᠪ  ᠲᠦᠯᠦᠪᠯᠡᠯᠭᠡ  ᠶᠢ ᠠᠳᠠᠯᠢ ᠪᠤᠰᠤ ᠲᠠᠯ᠎ᠠ  ᠠᠴᠠ ᠭᠦᠨᠵᠡᠭᠡᠢ ᠰᠤᠳᠤᠯᠤᠨ ᠶᠠᠷᠢᠯᠴᠠᠪᠠ᠃       ᠬᠤᠷᠠᠯ ᠳᠤ ᠪᠠᠰᠠ ︽ᠪᠠᠷᠠᠭᠤᠨ ᠦᠵᠦᠮᠦᠴᠢᠨ ᠬᠤᠰᠢᠭᠤᠨ ᠤ ᠴᠠᠷᠤᠯᠠᠶᠢᠰ ᠦᠭᠡᠷ ︽ᠦᠵᠦᠮᠦᠴᠢᠨ ᠴᠠᠭᠠᠨ ᠦᠬᠡᠷ︾ ᠤᠨ ᠠᠵᠤ ᠦᠢᠯᠡᠰ ‍ᠦᠨ‌‍ᠬᠥ᠋ᠭᠵᠢᠯᠲᠡ ᠶᠢᠨ ᠰᠤᠳᠤᠯᠭᠠᠨ ᠤ ᠬᠦᠷᠢᠶᠡᠯᠡᠩ︾ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ  ᠶᠠᠪᠤᠭᠤᠯᠤᠭᠰᠠᠨ ᠪᠠᠶᠢᠨ᠎ᠠ᠃     ᠲᠣᠰ ᠤᠳᠠᠭᠠᠨ ᠤ  ᠦᠬᠡᠷ ᠤᠨ ᠦᠵᠡᠬᠦᠯᠦᠯᠬᠡ ᠨᠢ ᠴᠠᠷᠤᠯᠠᠶᠢᠰ  ᠦᠭᠡᠷ ︽ᠦᠵᠦᠮᠦᠴᠢᠨ ᠴᠠᠭᠠᠨ ᠦᠬᠡᠷ︾  ᠤᠨ ᠪᠤᠶᠢᠵᠢᠯᠲᠠ ᠶᠢᠨ ᠪᠠᠶᠢᠳᠠᠯ ᠢ ᠳᠡᠯᠭᠡᠨ ᠬᠠᠷᠠᠭᠤᠯᠬᠤ ᠦᠪᠡᠳᠡᠭᠰᠢ ᠴᠤᠭᠯᠠᠭᠠᠨ ᠪᠣᠯᠬᠤ ᠪᠠᠷ ᠪᠠᠷᠠᠬᠤ ᠦᠭᠡᠢ ᠪᠠᠰᠠ ᠮᠠᠯ ᠠᠵᠤ ᠠᠬᠤᠢ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠬᠤ  ᠴᠢᠬᠤᠯᠠ ᠲᠠᠪᠴᠠᠩ ᠪᠣᠯᠬᠤ ᠶᠤᠮ᠃ ᠠᠳᠡ ᠠᠴᠠ ᠬᠥᠮᠥᠰ ᠰᠢᠯᠢᠳᠡᠭ  ᠡᠬᠦᠯᠲᠡᠷ ᠤᠨ ᠦᠵᠦᠮᠦᠴᠢᠨ ᠴᠠᠭᠠᠨ ᠦᠬᠡᠷ ᠤᠨ ᠡᠷᠡᠭᠦᠯ ᠴᠢᠭᠢᠷᠠᠭ ᠳᠦᠷᠢ ᠪᠠᠶᠢᠳᠠᠯ ᠢ ᠣᠯᠵᠤ ᠬᠠᠷᠠᠬᠤ ᠪᠠᠷ ᠪᠠᠷᠠᠬᠤ ᠦᠭᠡᠢ᠂ ᠰᠢᠯᠢᠳᠡᠭ ᠡᠭᠦᠯᠳᠡᠷ ᠢ ᠪᠣᠶᠢᠵᠢᠭᠤᠯᠬᠤ ᠠᠵᠢᠯ ᠤᠨ ᠣᠯᠣᠭᠰᠠᠨ ᠦᠷ᠎ᠡ ᠪᠦᠲᠦᠭᠡᠯ ᠢ ᠳᠡᠯᠭᠡᠨ ᠬᠠᠷᠠᠭᠤᠯᠵᠤ᠂ ᠳᠡᠭᠡᠳᠦ ᠱᠠᠲᠤᠨ ᠤ ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ ᠡᠷᠳᠡᠮᠲᠡᠨ᠂ ᠮᠠᠯᠵᠢᠯ ᠤᠨ ᠲᠣᠮᠣ ᠡᠷᠦᠬᠡ ᠪᠠ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠬᠠᠮᠲᠤ ᠪᠠᠷ ᠲᠤᠷᠰᠢᠯᠭ᠎ᠠ ᠦᠵᠡᠯᠲᠡ ᠪᠠᠨ ᠬᠤᠪᠢᠶᠠᠯᠴᠠᠵᠤ᠂ ᠦᠵᠦᠮᠦᠴᠢᠨ ᠴᠠᠭᠠᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠡᠷᠬᠢᠮ ᠨᠠᠨᠳᠢᠨ ᠰᠠᠨᠠᠯ ᠪᠠ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠨ᠂ ᠦᠵᠦᠮᠦᠴᠢᠨ ᠴᠠᠭᠠᠨ ᠦᠬᠡᠷ ᠤᠨ ᠠᠵᠤ ᠦᠢᠯᠡᠰ ᠢ ᠰᠢᠨ᠎ᠡ ᠥᠨᠳᠥᠷᠴᠡ ᠳᠤ ᠬᠦᠷᠬᠡᠵᠦ᠂ ᠠᠵᠤ ᠦᠢᠯᠡᠰ ᠤᠨ ᠬᠥᠭᠵᠢᠯᠲᠡ ᠶᠢ ᠲᠡᠯᠡᠵᠦ᠂ ᠪᠥᠬᠦ ᠬᠤᠰᠢᠭᠤᠨ ᠤ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠢ ᠭᠦᠭᠵᠢᠯᠲᠡ ᠳᠤ ᠪᠤᠳᠠᠳᠤ ᠬᠦᠴᠦᠨ ᠨᠡᠮᠡᠷᠢᠯᠡᠬᠦ   ᠨᠢ ᠲᠠᠮᠵᠢᠭ ᠦᠭᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号