ᠪᠠᠷᠠᠭᠤᠨ ᠦᠵᠦᠮᠦᠴᠢᠨ ᠬᠤᠰᠢᠭᠤ ᠰᠣᠷᠣᠭᠴᠢ ᠶᠢᠨ ᠢᠷᠡᠯᠲᠡ ᠪᠠ ᠵᠢᠭᠠᠨ ᠰᠤᠷᠭᠠᠯᠲᠠ ᠶᠢᠨ ᠶᠠᠰᠤ ᠴᠢᠨᠠᠷ  ᠤᠨ ︽ᠬᠤᠣᠰ ᠳᠡᠭᠡᠭᠰᠢᠯᠡᠯᠲᠡ ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/9/13
   ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠥᠯ ᠪᠥᠮᠪᠦᠭᠡ ᠶᠢᠨ ᠲᠠᠯᠠᠪᠤᠷ᠂ ᠰᠠᠭᠰᠤᠨ ᠪᠥᠮᠪᠦᠭᠡ ᠶᠢᠨ ᠲᠠᠯᠠᠪᠤᠷ᠂ ᠲᠠᠮᠢᠷ ᠤᠨ  ᠲᠠᠯᠠᠪᠤᠷ ᠲᠤ ᠰᠤᠷᠤᠭᠴᠢᠳ ᠳᠦᠭᠦᠷᠡᠩ ᠲᠣᠭᠯᠠᠵᠤ᠂ ᠥᠪᠡᠷ ᠥᠪᠡᠷ ᠤᠨ ᠳᠤᠷ᠎ᠠ ᠪᠠᠬ᠎ᠠ ᠲᠠᠢ ᠲᠠᠮᠢᠷ ᠤᠨ ᠬᠥᠳᠡᠯᠭᠡᠭᠡᠨ ᠳᠤ ᠣᠷᠣᠯᠴᠠᠨ᠂ ᠵᠠᠯᠠᠭᠤ ᠨᠠᠰᠤᠨ ᠤ ᠠᠯᠢᠶ᠎ᠠ ᠴᠠᠶᠢᠯᠭᠠᠨ᠂ ᠴᠤᠭ ᠪᠠᠳᠠᠷᠠᠩᠭᠤᠢ ᠳᠦᠷᠬᠦ ᠶᠢ ᠭᠠᠶᠢᠬᠠᠭᠤᠯᠤᠨ᠎ᠠ᠃    2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠳᠤ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠲᠤᠭ᠎ᠠ ᠳᠠᠬᠢᠨᠲᠠ ᠨᠡᠮᠡᠭᠳᠡᠪᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠳᠠᠭᠠᠯᠳᠤᠨ᠂ ᠭᠡᠷ ᠤᠨ ᠠᠬᠠᠮᠠᠳ᠂ ᠰᠣᠷᠣᠭᠴᠢ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠲᠤ  ᠭᠦᠨ ᠢᠲᠡᠭᠡᠯ ᠲᠠᠢ ᠪᠣᠯᠵᠤ᠂ ᠨᠠᠩ ᠣᠯᠠᠨ ᠭᠡᠷ ᠤᠨ ᠠᠬᠠᠮᠠᠳ ᠬᠡᠦᠬᠡᠳ ᠢᠶᠠᠨ ᠲᠣᠰ ᠭᠠᠵᠠᠷ ᠲᠠᠭᠠᠨ ᠰᠤᠷᠤᠯᠴᠠᠭᠤᠯᠬᠤ ᠪᠠᠷ ᠪᠣᠯᠵᠤ᠂ ᠬᠠᠷᠢᠨ ᠭᠠᠳᠠᠭᠰᠢ ᠭᠠᠷᠭᠠᠨ ᠰᠤᠷᠤᠯᠴᠠᠭᠤᠯᠬᠤ ᠪᠠᠨ ᠪᠣᠯᠢᠵᠠᠢ᠃ ᠲᠡᠳᠡᠨ ᠤ ᠦᠵᠡᠬᠦ ᠪᠠᠷ᠂ ᠲᠤᠬᠠᠢ ᠶᠢᠨ ᠭᠠᠵᠠᠷ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠨᠢ ᠨᠢᠭᠡᠨᠲᠡ ᠬᠡᠦᠬᠡᠳ ᠤᠨ ᠰᠤᠷᠭᠠᠨ ᠬᠦᠮᠦᠵᠢᠯ ᠬᠦᠷᠲᠡᠬᠦ ᠱᠠᠭᠠᠷᠳᠠᠯᠭ᠎ᠠ ᠶᠢ ᠬᠠᠩᠭᠠᠵᠤ ᠳᠡᠶᠢᠯᠬᠦ ᠪᠣᠯᠤᠭᠰᠠᠨ ᠮᠥᠷᠲᠡᠭᠡᠨ ᠬᠡᠦᠬᠡᠳ ᠨᠢ ᠲᠤᠬᠠᠢ ᠶᠢᠨ ᠭᠠᠵᠠᠷ ᠲᠠᠭᠠᠨ ᠪᠢᠴᠢᠭ  ᠦᠵᠡᠪᠡᠯ ᠭᠡᠷ ᠪᠦᠯᠢ ᠲᠠᠢ ᠪᠠᠨ  ᠣᠶᠢᠷᠠᠯᠴᠠᠭ᠎ᠠ ᠪᠠᠶᠢᠵᠤ ᠴᠢᠳᠠᠬᠤ ᠲᠤᠯᠠ ᠬᠡᠦᠬᠡᠳ ᠤᠨ ᠦᠰᠦᠨ ᠪᠤᠶᠢᠵᠢᠯᠲᠠ ᠳᠤ ᠨᠠᠩ ᠠᠰᠢᠭᠲᠠᠢ ᠪᠣᠯᠣᠨ᠎ᠠ ᠭᠡᠵᠡᠢ᠃ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠪᠥᠬᠦ ᠬᠤᠰᠢᠭᠤᠨ ᠤ 8 ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠲᠤᠭ᠎ᠠ 8857 ᠬᠦᠮᠦᠨ ᠪᠣᠯᠵᠤ᠂ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠲᠠᠢ ᠬᠠᠷᠢᠴᠠᠭᠤᠯᠪᠠᠯ 200 ᠭᠠᠷᠤᠢ ᠬᠦᠮᠦᠨ ᠨᠡᠮᠡᠭᠳᠡᠵᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠤᠨ ᠲᠣᠰ ᠭᠠᠵᠠᠷ ᠲᠠᠭᠠᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠭᠰᠠᠨ ᠨᠣᠷᠮ᠎ᠠ ᠴᠤ 2022 ᠣᠨ ᠳᠤ 58% ᠪᠠᠶᠢᠭᠰᠠᠨ ᠠᠴᠠ ᠪᠠᠨ ᠡᠨᠡ ᠵᠢᠯ 83% ᠪᠣᠯᠣᠨ ᠳᠡᠭᠡᠭᠰᠢᠯᠡᠵᠦ᠂ ᠣᠶᠢᠷ᠎ᠠ ᠶᠢᠨ 3 ᠵᠢᠯ ᠤᠨ ᠬᠠᠮᠤᠭ ᠤᠨ ᠥᠨᠳᠥᠷ ᠬᠠᠷᠢᠴᠠᠯ ᠢ ᠡᠭᠦᠳᠴᠠᠢ᠃     ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ   ᠨᠢᠦ ᠵᠢᠩ  ᠄ ︽ᠣᠶᠢᠷ᠎ᠠ ᠶᠢᠨ ᠵᠢᠯ ᠠᠴᠠ᠂ ᠮᠠᠨ ᠤ ᠰᠤᠷᠭᠠᠭᠤᠯᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠰᠤᠷᠭᠠᠨ ᠬᠥᠮᠦᠵᠢᠯ ᠤᠨ ᠠᠮᠢᠨ ᠰᠤᠳᠠᠰᠤ ᠪᠣᠯᠭᠠᠬᠤ ᠶᠢ ᠪᠠᠷᠢᠮᠲᠠᠯᠠᠨ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ  ᠪᠠᠷᠢᠮᠲᠠᠯᠠᠭᠰᠠᠭᠠᠷ ᠢᠷᠡᠵᠡᠢ᠃ ᠰᠤᠷᠭᠠᠭᠤᠯᠢ ᠡᠷᠭᠢᠯᠡᠬᠦ  ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ ᠰᠢᠨᠲᠠᠷᠠᠰᠢ ᠦᠭᠡᠢ ᠴᠢᠷᠮᠠᠶᠢᠭᠰᠠᠨ ᠢᠶᠠᠷ᠂ ᠵᠢᠭᠠᠨ ᠰᠤᠷᠭᠠᠯᠲᠠ ᠶᠢᠨ ᠶᠠᠰᠤ ᠴᠢᠨᠠᠷ ᠢᠯᠡᠳᠲᠡ ᠦᠷ᠎ᠡ ᠪᠦᠲᠦᠮᠵᠢ ᠣᠯᠵᠤ᠂ ᠰᠤᠷᠭᠠᠭᠤᠯᠢ ᠶᠢᠨ ᠰᠣᠷᠣᠭᠴᠢ ᠶᠢᠨ ᠢᠷᠡᠯᠲᠡ ᠴᠦ  ᠨᠡᠮᠡᠭᠳᠡᠪᠡ᠃ ᠮᠠᠨ ᠤ ᠰᠤᠷᠭᠠᠭᠤᠯᠢ ᠶᠢᠨ ᠰᠢᠨ᠎ᠡ ᠰᠣᠷᠣᠭᠴᠢ ᠶᠢᠨ ᠲᠤᠭ᠎ᠠ 2022 ᠣᠨ ᠳᠤ 200 ᠪᠠᠶᠢᠭᠰᠠᠨ ᠠᠴᠠ ᠪᠠᠨ ᠡᠨᠡ ᠨᠠᠮᠤᠷ ᠨᠡᠮᠡᠭᠳᠡᠭᠡᠳ 280 ᠪᠣᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠶᠢᠨ ᠲᠣᠰ ᠭᠠᠵᠠᠷ ᠲᠠᠭᠠᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠭᠰᠠᠨ ᠨᠣᠷᠮ᠎ᠠ ᠴᠤ 2022 ᠣᠨ ᠳᠤ 58% ᠪᠠᠶᠢᠭᠰᠠᠨ ᠠᠴᠠ ᠪᠠᠨ  ᠡᠨᠡ ᠵᠢᠯ 83% ᠪᠣᠯᠣᠨ ᠳᠡᠭᠡᠭᠰᠢᠯᠡᠵᠡᠢ᠃  ᠡᠨᠡᠬᠦ ᠠᠮᠵᠢᠯᠲᠠ ᠪᠦᠲᠦᠮᠵᠢ ᠨᠢ ᠮᠠᠨ ᠤ ᠪᠦᠬᠦ ᠪᠠᠭᠰᠢ ᠠᠵᠢᠯᠲᠠᠨ ᠤ ᠪᠦᠯᠬᠦᠮᠳᠡᠯ ᠬᠠᠮᠵᠢᠯᠴᠠᠭ᠎ᠠ᠂ ᠭᠡᠷ ᠤᠨ ᠠᠬᠠᠮᠠᠳ ᠤᠨ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃  ᠡᠨᠡ ᠵᠢᠯ ᠮᠠᠨ ᠤ ᠰᠤᠷᠭᠠᠭᠤᠯᠢ ᠨᠢ ᠲᠦᠷᠦᠭᠦᠦ ᠬᠡᠳᠦᠨ ᠵᠢᠯ ᠤᠨ ᠲᠤᠷᠰᠢᠯᠭ᠎ᠠ ᠶᠢᠨ ᠢᠶᠠᠨ ᠰᠠᠭᠤᠷᠢᠨ ᠳᠡᠭᠡᠷ᠎ᠡ᠂ 2025 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢ ᠤᠷᠢᠳᠴᠢᠯᠠᠨ ᠲᠥᠯᠥᠪᠵᠢᠭᠦᠯᠵᠦ᠂ ᠪᠦᠬᠦ ᠪᠠᠭᠰᠢ ᠠᠵᠢᠯᠲᠠᠨ ᠰᠡᠳᠬᠢᠯ ᠬᠦᠴᠦ ᠪᠠᠨ ᠬᠠᠮᠲᠤᠳᠬᠠᠵᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ︾ ᠭᠡᠯ᠎ᠡ᠃     ᠣᠶᠢᠷ᠎ᠠ ᠶᠢᠨ ᠵᠢᠯ ᠠᠴᠠ᠂ ᠪᠠᠷᠠᠭᠤᠨ ᠦᠵᠦᠮᠦᠴᠢᠨ ᠬᠤᠰᠢᠭᠤ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠰᠤᠷᠭᠠᠨ ᠬᠥᠮᠦᠵᠢᠯ ᠤᠨ ᠠᠮᠢᠨ ᠰᠤᠳᠠᠰᠤ ᠪᠣᠯᠭᠠᠬᠤ ᠶᠢ ᠪᠠᠷᠢᠮᠲᠠᠯᠠᠨ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠨ ᠪᠠᠷᠢᠮᠲᠠᠯᠠᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠵᠢᠭᠠᠨ ᠰᠤᠷᠭᠠᠯᠲᠠ ᠶᠢᠨ ᠰᠤᠳᠤᠯᠭᠠᠨ ᠢ ᠭᠦᠨᠵᠡᠭᠡᠶᠢᠷᠡᠭᠦᠯᠵᠦ᠂ ᠴᠥᠬᠦᠷᠡᠰᠢ ᠦᠭᠡᠢ ᠴᠢᠷᠮᠠᠶᠢᠭᠰᠠᠨ ᠢᠶᠠᠷ᠂ ᠵᠢᠭᠠᠨ ᠰᠤᠷᠭᠠᠯᠲᠠ ᠶᠢᠨ ᠶᠠᠰᠤ ᠴᠢᠨᠠᠷ ᠨᠢ ᠮᠡᠳᠡᠭᠳᠡᠮ᠎ᠡ ᠦᠷ᠎ᠡ ᠪᠦᠲᠦᠮᠵᠢ ᠣᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠰᠢᠨ᠎ᠡ  ᠳᠠᠪᠰᠢᠯᠲᠠ ᠶᠢ ᠴᠢᠷᠮᠠᠶᠢᠨ ᠪᠡᠶᠡᠯᠡᠭᠦᠯᠵᠡᠢ᠃ 2024 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠢᠯᠭᠠᠭᠤᠯᠤᠭᠰᠠᠳ ᠤᠨ ᠬᠠᠮᠤᠭ ᠤᠨ ᠥᠨᠳᠥᠷ ᠬᠤᠪᠢ ᠨᠢ 565.5 ᠬᠤᠪᠢ ᠳᠤ ᠬᠦᠷᠴᠦ᠂ ᠪᠥᠬᠦ ᠠᠶᠢᠮᠠᠭ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠢᠴᠢᠶᠡᠯᠯᠡᠬᠦ ᠰᠤᠷᠭᠠᠭᠤᠯᠢ ᠶᠢᠨ 6561 ᠰᠢᠯᠭᠠᠭᠤᠯᠤᠭᠰᠠᠳ ᠤᠨ ᠡᠮᠦᠨ᠎ᠡ 60 ᠨᠡᠷᠡᠰ ᠲᠤ ᠵᠢᠭᠰᠠᠭᠠᠭᠳᠠᠵᠤ᠂ ᠣᠶᠢᠷ᠎ᠠ ᠶᠢᠨ 10 ᠵᠢᠯ ᠤᠨ ᠲᠤᠷᠰᠢᠬᠢ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠪᠡ᠃    ᠣᠷᠣᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠪᠠᠷ ᠳᠠᠮᠵᠢᠭᠤᠯᠤᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠪᠠᠲᠤᠯᠠᠭ᠎ᠠ ᠬᠠᠩᠭᠠᠬᠤ ᠶᠢᠨ ᠬᠠᠮᠲᠤ᠂  ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠢᠭᠠᠨ ᠰᠤᠷᠭᠠᠯᠲᠠ ᠶᠢᠨ ᠡᠩ ᠤᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠡᠭᠴᠡᠯᠡᠨ ᠵᠠᠰᠠᠬᠤ ᠠᠵᠢᠯᠯᠠᠭ᠎ᠠ ᠵᠡᠷᠭᠡ ᠶᠢ ᠬᠡᠷᠡᠭᠵᠢᠭᠦᠯᠬᠦ ᠶᠢ ᠠᠬᠢᠭᠤᠯᠵᠤ᠂ ᠪᠠᠭᠰᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢᠨ ᠬᠢᠷᠢ ᠲᠦᠪᠰᠢᠨ ᠪᠠ ᠬᠢᠴᠢᠶᠡᠯ ᠤᠨ ᠲᠠᠩᠬᠢᠮ  ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠭᠡᠷ ᠢᠷᠡᠵᠡᠢ᠃ ᠡᠭᠦᠨ ᠤ ᠬᠠᠮᠲᠤ ᠪᠠᠭᠰᠢ  ᠶᠢᠨ ᠣᠷᠣᠨ ᠲᠣᠭᠠᠲᠤ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠴᠢᠩᠭᠠᠳᠬᠠᠬᠤ᠂ ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ᠂ ᠮᠡᠷᠭᠡᠵᠢᠯ ᠤᠨ ᠴᠣᠯᠠ ᠲᠣᠭᠲᠠᠭᠠᠬᠤ᠂ ᠡᠯᠰᠡᠵᠦ ᠬᠡᠷᠡᠭᠯᠡᠬᠦ ᠬᠠᠮᠢᠶᠠᠷᠤᠯᠲᠠ ᠶᠢ ᠰᠢᠯᠢᠳᠡᠭᠵᠢᠭᠦᠯᠬᠦ᠂ ᠪᠠᠭᠰᠢ ᠶᠢᠨ ᠠᠵᠢᠯ ᠤᠨ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠴᠢᠶᠡᠯ ᠬᠥᠮᠦᠵᠢᠯ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠲᠠᠰᠤᠷᠠᠯᠲᠠ ᠦᠭᠡᠢ ᠪᠣᠶ ᠪᠣᠯᠭᠠᠪᠠ᠃ ᠣᠶᠢᠷ᠎ᠠ ᠶᠢᠨ 3 ᠵᠢᠯ ᠳᠤ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ 77 ᠪᠠᠭᠰᠢ ᠶᠢ ᠢᠯᠡ ᠪᠠᠷ ᠡᠯᠰᠡᠵᠦ᠂ ᠪᠥᠬᠦ ᠤᠯᠤᠰ ᠲᠤ ᠬᠠᠨᠳᠤᠭᠤᠯᠤᠨ ︽ᠬᠤᠣᠰ ᠲᠡᠷᠢᠭᠦᠨ ᠵᠡᠷᠭᠡ︾ ᠶᠢᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠣᠷᠣᠭᠴᠢ ᠵᠡᠷᠭᠡ 9 ᠰᠢᠯᠢᠳᠡᠭ ᠴᠢᠳᠠᠪᠤᠷᠢᠲᠠᠨ ᠢ ᠤᠷᠢᠨ ᠠᠪᠴᠢᠷᠠᠵᠤ᠂ ᠠᠩᠬᠠᠨ ᠤ ᠪᠦᠯᠦᠭ ᠤᠨ ︽ᠨᠠᠷᠠᠲᠤ ᠪᠠᠭᠰᠢ ᠶᠢᠨ ᠠᠵᠢᠯᠯᠠᠬᠤ ᠲᠠᠰᠤᠭ︾ ᠪᠠ ᠬᠤᠶᠠᠳᠤᠭᠠᠷ ᠡᠭᠡᠯᠵᠢ ᠶᠢᠨ ᠰᠢᠨᠵᠢᠯᠡᠭᠡᠨ ᠤ ᠰᠠᠯᠠᠭ᠎ᠠ ᠶᠢᠨ  ᠠᠵᠢᠯᠯᠠᠬᠤ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠲᠤᠰᠬᠠᠢ ᠮᠡᠷᠭᠡᠵᠢᠯᠲᠡᠨ ᠮᠠᠶ᠋ᠢᠭ ᠤᠨ 3 ᠵᠢᠭᠠᠨ ᠰᠤᠳᠤᠯᠤᠭᠴᠢ ᠶᠢ ᠤᠷᠢᠨ ᠠᠪᠴᠢᠷᠠᠵᠤ᠂ 3 ᠲᠤᠰᠬᠠᠢ ᠲᠤᠰᠢᠶᠠᠯᠲᠤ ᠵᠢᠭᠠᠨ ᠰᠤᠳᠤᠯᠤᠭᠴᠢ ᠶᠢ ᠨᠦᠬᠦᠨ ᠡᠯᠰᠡᠵᠦ᠂ ᠪᠤᠭᠤᠲᠤ ᠶᠢᠨ ᠵᠢᠭᠠᠨ ᠰᠤᠳᠤᠯᠬᠤ ᠪᠠᠶᠢᠭᠤᠯᠤᠮᠵᠢ ᠪᠠ ᠭᠤᠣᠯᠳᠠᠯᠭ᠎ᠠ ᠲᠠᠢ ᠰᠤᠷᠭᠠᠭᠤᠯᠢ ᠯᠤᠭ᠎ᠠ ᠬᠠᠮᠲᠤᠷᠠᠨ ᠰᠤᠷᠭᠠᠭᠤᠯᠢ ᠡᠷᠭᠢᠯᠡᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠪᠠᠭᠰᠢ ᠶᠢᠨ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠢᠯᠡᠳᠲᠡ ᠳᠡᠭᠡᠭᠰᠢᠯᠡᠭᠦᠯᠪᠡ᠃      ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠲᠠᠯ᠎ᠠ ᠪᠠᠷ ᠨᠡᠩ ᠤᠯᠠᠨ ᠪᠠᠭᠰᠢ ᠨᠠᠷ ᠤᠯᠠᠮᠵᠢᠯᠠᠯᠲᠤ ᠮᠠᠶ᠋ᠢᠭ ᠤᠨ ᠰᠤᠷᠭᠠᠨ ᠬᠥᠮᠦᠵᠢᠯ ᠤᠨ ᠬᠡᠯᠪᠡᠷᠢ ᠶᠢ ᠥᠭᠡᠷᠡᠴᠢᠯᠡᠨ᠂ ᠰᠤᠷᠤᠭᠴᠢ ᠪᠠᠷ ᠭᠤᠣᠯ ᠪᠣᠯᠭᠠᠭᠰᠠᠨ ᠵᠢᠭᠠᠨ ᠰᠤᠷᠭᠠᠯᠲᠠ ᠶᠢᠨ ᠬᠡᠪ ᠵᠠᠭᠪᠤᠷ ᠢ ᠬᠡᠷᠡᠭᠯᠡᠬᠦ ᠪᠣᠯᠪᠠ᠃ ᠪᠠᠭᠰᠢ ᠨᠠᠷ ᠨᠢ ᠵᠥᠪᠬᠡᠨ ᠮᠡᠳᠡᠯᠭᠡ ᠤᠯᠠᠮᠵᠢᠯᠠᠬᠤ ᠪᠢᠰᠢ᠂ ᠬᠠᠷᠢᠨ ᠰᠤᠷᠤᠭᠴᠢᠳ ᠤᠨ ᠰᠤᠷᠤᠯᠴᠠᠯᠭ᠎ᠠ ᠶᠢᠨ ᠵᠢᠯᠣᠭᠤᠳᠤᠭᠴᠢ ᠪᠠ ᠰᠡᠩᠬᠡᠷᠡᠭᠦᠯᠦᠭᠴᠢ ᠨᠢ ᠪᠣᠯᠵᠤ᠂ ᠳᠤᠭᠤᠶᠢᠯᠠᠩ ᠢᠶᠠᠷ ᠶᠠᠷᠢᠯᠴᠠᠬᠤ᠂ ᠲᠤᠷᠰᠢᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠰᠤᠷᠤᠭᠴᠢᠳ ᠤᠨ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠴᠢᠳᠠᠪᠤᠷᠢ ᠪᠠ ᠰᠢᠨ᠎ᠡ ᠶᠢ ᠡᠭᠦᠳᠬᠦ ᠰᠡᠳᠬᠢᠬᠦᠢ ᠶᠢ ᠬᠥᠭᠵᠢᠭᠡᠵᠦ ᠪᠣᠢ᠃      ᠡᠯ᠎ᠡ ᠰᠤᠷᠭᠠᠭᠤᠯᠢ ᠳᠤ ᠬᠦᠷᠪᠡᠯ᠂ ᠠᠭᠤᠵᠢᠮ ᠰᠠᠷᠠᠭᠤᠯ ᠬᠢᠴᠢᠶᠡᠯ ᠤᠨ ᠲᠠᠩᠬᠢᠮ ᠳᠤ  ᠪᠠᠭᠰᠢ ᠨᠠᠷ ᠲᠡᠷᠢᠭᠦᠨ ᠤ ᠣᠯᠠᠨ ᠵᠠᠭᠤᠴᠢᠲᠤ ᠲᠥᠬᠦᠭᠡᠷᠦᠮᠵᠢ ᠶᠢ ᠠᠰᠢᠭᠯᠠᠨ ᠬᠢᠴᠢᠶᠡᠯ ᠵᠢᠭᠠᠵᠤ᠂ ᠬᠢᠴᠢᠶᠡᠯ ᠤᠨ ᠲᠠᠩᠬᠢᠮ ᠤᠨ ᠠᠮᠢᠳᠤᠯᠢᠭ ᠰᠣᠨᠢᠷᠬᠠᠯᠲᠠᠢ ᠠᠭᠤᠷ ᠠᠮᠢᠰᠬᠤᠯ ᠨᠢ ᠰᠤᠷᠤᠭᠴᠢᠳ ᠤᠨ ᠰᠤᠷᠤᠯᠴᠠᠬᠤ ᠤᠷᠮ᠎ᠠ ᠪᠠᠬ᠎ᠠ ᠶᠢ ᠶᠡᠭᠡ ᠪᠠᠷ ᠨᠡᠮᠡᠭᠳᠡᠭᠦᠯᠵᠦ ᠪᠠᠶᠢᠬᠤ ᠶᠢ ᠣᠯᠵᠤ ᠬᠠᠷᠠᠬᠤ ᠪᠣᠯᠣᠨ᠎ᠠ᠃ ᠨᠣᠮ ᠤᠨ ᠰᠠᠩ᠂ ᠲᠤᠷᠰᠢᠯᠲᠠ ᠶᠢᠨ ᠲᠠᠰᠤᠭ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠲᠥᠬᠦᠭᠡᠷᠦᠮᠵᠢ ᠪᠦᠷᠢᠨ ᠭᠦᠢᠴᠡᠳ ᠪᠠᠶᠢᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠵᠤ ᠪᠠᠶᠢᠨ᠎ᠠ᠃ ᠪᠥᠬᠦ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ︽ᠵᠥᠭᠡᠯᠡᠨ ᠲᠣᠨᠤᠭ︾ ᠤᠨ ᠬᠢᠷᠢ ᠲᠦᠪᠰᠢᠨ ᠴᠤ ᠳᠡᠭᠡᠭᠰᠢᠯᠡᠵᠦ᠂  ᠨᠡᠩ ᠣᠯᠠᠨ ᠰᠣᠷᠣᠭᠴᠢ ᠪᠠ ᠭᠡᠷ ᠤᠨ ᠠᠬᠠᠮᠠᠳ ᠤᠨ ᠬᠦᠷᠢᠶᠡᠯᠡᠯ ᠢ ᠣᠯᠵᠤ ᠪᠠᠶᠢᠨ᠎ᠠ᠃    ᠪᠠᠷᠠᠭᠤᠨ ᠦᠵᠦᠮᠦᠴᠢᠨ ᠬᠤᠰᠢᠭᠤᠨ ᠤ ᠠᠩᠬ᠎ᠠ ᠵᠡᠷᠭᠡ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ  ᠰᠦ᠋ ᠬᠠᠢ ᠴᠢ  ᠄ ︽ᠰᠤᠷᠭᠠᠭᠤᠯᠢ ᠠᠴᠠ ᠠᠳᠠᠯᠢ ᠪᠤᠰᠤ ᠣᠨ ᠪᠣᠯᠣᠨ ᠰᠤᠷᠤᠭᠴᠢᠳ ᠤᠨ ᠠᠪᠢᠶᠠᠰ᠂ ᠳᠤᠷ᠎ᠠ ᠰᠣᠨᠢᠷᠬᠠᠯ ᠳᠤ ᠲᠣᠬᠢᠷᠠᠭᠤᠯᠤᠨ ᠵᠢᠭᠠᠵᠤ᠂ ᠰᠤᠷᠤᠭᠴᠢᠳ ᠤᠨ ᠤᠷ᠎ᠠ ᠠᠪᠢᠶᠠᠰ ᠢ ᠬᠦᠨᠳᠦᠳᠬᠡᠨ  ᠂  ᠪᠢᠳᠡᠨ ᠳᠤ ᠠᠪᠢᠶᠠᠰ ᠴᠢᠳᠠᠪᠤᠷᠢ ᠪᠠ ᠳᠤᠷ᠎ᠠ ᠰᠣᠨᠢᠷᠬᠠᠯ ᠢᠶᠠᠨ ᠪᠠᠳᠠᠷᠠᠭᠤᠯᠬᠤ ᠲᠠᠪᠴᠠᠩ ᠬᠠᠩᠭᠠᠵᠤ ᠥᠭᠲᠡᠭ᠃ ᠪᠠᠭᠰᠢ ᠠᠴᠠ ᠬᠦᠴᠢᠷᠳᠡᠵᠦ ᠪᠠᠶᠢᠭ᠎ᠠ ᠬᠢᠴᠢᠶᠡᠯ ᠲᠥᠷᠥᠯ ᠳᠤ ᠴᠢᠭᠯᠡᠭᠦᠯᠦᠨ᠂ ᠨᠢᠭᠡ ᠨᠢᠭᠡ ᠪᠠᠷ ᠬᠠᠪᠰᠤᠷᠤᠨ ᠵᠢᠯᠤᠭᠤᠳᠴᠤ᠂ ᠭᠠᠷᠠᠭ ᠪᠦᠷᠢ ᠤᠩᠰᠢᠯᠭ᠎ᠠ ᠶᠢᠨ ᠬᠢᠴᠢᠶᠡᠯ ᠨᠡᠭᠡᠭᠡᠵᠦ ᠪᠠᠶᠢᠨ᠎ᠠ᠃ ᠤᠩᠰᠢᠯᠭ᠎ᠠ ᠶᠢᠨ ᠪᠤᠯᠤᠩ᠂ ᠨᠡᠭᠡᠭᠡᠯᠲᠡᠲᠤ ᠤᠩᠰᠢᠯᠭ᠎ᠠ ᠶᠢᠨ ᠲᠣᠭᠤᠷᠢᠭ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠮᠠᠨ ᠤ ᠤᠩᠰᠢᠯᠭ᠎ᠠ ᠶᠢᠨ ᠴᠢᠳᠠᠪᠤᠷᠢ ᠪᠠ ᠳᠠᠳᠬᠠᠯ ᠢ ᠬᠥᠮᠥᠵᠢᠭᠦᠯᠵᠦ᠂ ᠪᠢᠳᠡᠨ ᠳᠤ ᠨᠣᠮ ᠤᠩᠰᠢᠬᠤ ᠶᠢᠨ ᠷᠢᠳᠢ ᠰᠢᠳᠢ ᠶᠢ ᠮᠡᠳᠡᠷᠡᠭᠦᠯᠵᠦ ᠪᠠᠶᠢᠨ᠎ᠠ᠃ ᠪᠡᠶ᠎ᠡ ᠲᠠᠮᠢᠷ ᠤᠨ ᠬᠢᠴᠢᠶᠡᠯ ᠳᠤ ᠥᠪᠡᠷ ᠤᠨ ᠳᠤᠷ᠎ᠠ ᠪᠠᠬ᠎ᠠ ᠲᠠᠢ ᠲᠠᠮᠢᠷ ᠤᠨ ᠬᠥᠳᠡᠯᠭᠡᠭᠡᠨ ᠢᠶᠠᠨ ᠰᠣᠩᠭᠤᠨ ᠰᠤᠷᠬᠤ ᠵᠢᠭᠠᠨ ᠰᠤᠷᠭᠠᠯᠲᠠ ᠶᠢ ᠬᠡᠷᠡᠭᠵᠢᠭᠦᠯᠦᠭᠰᠡᠨ ᠨᠢ ᠪᠢᠳᠡᠨ ᠤ ᠳᠤᠷ᠎ᠠ ᠰᠣᠨᠢᠷᠬᠠᠯ ᠢ  ᠬᠥᠭᠵᠢᠭᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠴᠤ ᠳᠡᠭᠡᠭᠰᠢᠯᠡᠭᠦᠯᠵᠦ ᠴᠢᠳᠠᠨ᠎ᠠ᠃ ᠪᠢ ᠠᠩᠬ᠎ᠠ ᠵᠡᠷᠭᠡ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠳᠠᠭᠠᠨ ᠮᠠᠰᠢ ᠪᠠᠶᠠᠷ ᠲᠠᠢ ᠪᠠᠶᠢᠨ᠎ᠠ᠂ ᠪᠠᠭᠰᠢ ᠨᠠᠷ ᠤᠨ ᠢᠶᠠᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号