ᠵᠢᠷ ᠤᠨ ᠭᠤᠣᠯ ᠪᠠᠯᠭᠠᠰᠤ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠲᠤ ᠭᠦᠨᠵᠡᠭᠡᠶᠢᠷᠡᠵᠦ ︽ᠬᠤᠣᠰ ᠰᠠᠷ᠎ᠠ ᠶᠢᠨ ᠰᠤᠷᠤᠯᠴᠠᠯᠭ᠎ᠠ︾ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/14
    ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠱᠠᠰᠢᠨ ᠰᠤᠷᠲᠠᠬᠤᠨ ᠤ ᠡᠲᠡᠭᠡᠳ ᠤᠨ ᠬᠥᠮᠥᠰ ᠤᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠣᠨᠣᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 10 ᠤ ᠡᠳᠦᠷ᠂ ᠵᠢᠷ ᠤᠨ ᠭᠤᠣᠯ ᠪᠠᠯᠭᠠᠰᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾᠂ ︽ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ︾ ᠪᠠᠷ ᠠᠵᠠ ᠲᠣᠬᠢᠶᠠᠯ ᠪᠣᠯᠭᠠᠵᠤ᠂ ᠬᠠᠷᠢᠶ᠎ᠠ ᠣᠷᠣᠨ ᠤ ᠪᠠᠨ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠭᠦᠨᠵᠡᠭᠡᠶᠢᠷᠡᠨ ︽ᠬᠤᠣᠰ ᠰᠠᠷ᠎ᠠ ᠶᠢᠨ ᠰᠤᠷᠤᠯᠴᠠᠯᠭ᠎ᠠ︾ ᠶᠢᠨ ᠬᠤᠷᠠᠯ ᠬᠤᠷᠠᠯᠳᠤᠭᠤᠯᠪᠠ᠃     ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠱᠠᠰᠢᠨ ᠰᠤᠷᠲᠠᠬᠤᠨ ᠤ ᠬᠥᠮᠥᠰ ᠲᠤ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ ︽ᠱᠠᠰᠢᠨ ᠰᠤᠷᠲᠠᠬᠤᠨ ᠤ ᠠᠵᠢᠯ ᠤᠨ  ᠮᠡᠩᠳᠡᠪᠡᠰᠦ ᠵᠤᠬᠢᠬᠤ ᠵᠦᠢᠯ︾᠂ ︽ᠰᠢᠨᠵᠢᠯᠡᠬᠦ ᠤᠬᠠᠭᠠᠨ ᠢ ᠡᠷᠬᠢᠮᠯᠡᠵᠦ ᠭᠠᠵᠢᠭᠤ ᠨᠣᠮᠯᠠᠯ ᠢ ᠡᠰᠡᠷᠭᠦᠴᠡᠬᠦ︾ ᠵᠡᠷᠭᠡ ᠠᠭᠤᠯᠭ᠎ᠠ ᠶᠢ ᠲᠠᠶᠢᠯᠪᠤᠷᠢᠯᠠᠨ ᠶᠠᠷᠢᠪᠠ᠃     ᠬᠤᠷᠠᠯ ᠤᠨ ᠳᠠᠷᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠮᠡᠳᠡᠯᠭᠡ ᠶᠢᠨ ᠭᠠᠷ ᠳᠡᠪᠲᠡᠷ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠤᠬᠠᠭᠤᠯᠭ᠎ᠠ ᠶᠢᠨ ᠳᠡᠪᠲᠡᠷ ᠢ ᠨᠡᠶᠢᠲᠡ 50 ᠭᠠᠷᠤᠢ ᠬᠤᠪᠢ ᠲᠠᠷᠬᠠᠭᠠᠵᠠᠢ᠃      ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤᠨ ᠤ ᠬᠢᠨ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠯᠠᠨ ᠬᠡᠯᠪᠡᠷᠢ ᠶᠢᠨ ᠤᠬᠠᠭᠤᠯᠤᠨ ᠰᠤᠷᠤᠯᠴᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠱᠠᠰᠢᠨ ᠰᠤᠷᠲᠠᠬᠤᠨ ᠤ ᠡᠲᠡᠭᠡᠳ ᠤᠨ ᠬᠥᠮᠥᠰ ᠪᠠ ᠱᠠᠰᠢᠨ ᠰᠢᠲᠦᠳᠡᠭ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号