ᠰᠤᠷᠪᠤᠯᠵᠢᠯᠠᠭᠴᠢ ᠲᠤᠮᠳᠠᠳᠦ ᠤᠯᠤᠰ ᠤᠨ ᠠᠷᠠᠳ ᠤᠨ ᠪᠠᠩᠬᠢ ᠶᠢᠨ ᠰᠢᠯᠢ ᠶᠢᠨ ᠭᠤᠣᠯ ᠠᠶᠢᠮᠠᠭ ᠤᠨ ᠬᠤᠪᠢᠶᠠᠷᠢ | ᠪᠠᠩᠬᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 6 ᠰᠠᠷ᠎ᠠ ᠶᠢᠨ ᠰᠡᠭᠦᠯᠴᠢ ᠪᠤᠯᠳᠠᠯ᠎ᠠ᠂ ᠪᠥᠬᠦ | ᠠᠶᠢᠮᠠᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠲᠦᠷᠦᠯ ᠤᠨ ᠵᠢᠭᠡᠯᠡᠯᠭᠡ ᠶᠢᠨ | ᠦᠯᠡᠳᠡᠪᠦᠷᠢ ᠮᠥᠩᠭᠦ 1371.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15. | 1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 3.6 | ᠵᠠᠭᠤᠨ ᠤ ᠨᠢᠭᠡᠴᠢ ᠳᠡᠭᠡᠭᠰᠢᠯᠡᠵᠦ᠂ ᠣᠶᠢᠷ᠎ᠠ ᠶᠢᠨ 10 ᠵᠢᠯ ᠤᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠪᠡ᠃ | ᠣᠶᠢᠷ᠎ᠠ ᠶᠢᠨ ᠭᠤᠷᠪᠠᠨ ᠵᠢᠯ ᠳᠤ᠂ ᠪᠥᠬᠦ ᠠᠶᠢᠮᠠᠭ ᠤᠨ ᠵᠢᠭᠡᠯᠡᠯᠭᠡ ᠶᠢᠨ ᠦᠯᠡᠳᠡᠪᠦᠷᠢ ᠮᠥᠩᠭᠦ ᠶᠢᠨ ᠨᠡᠮᠡᠭᠳᠡᠯ ᠤᠨ ᠬᠤᠷᠳᠤᠴᠠ | ᠦᠷᠭᠦᠯᠵᠢᠯᠡᠨ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠣᠳᠣᠬᠠᠨ ᠳᠤ ᠡᠨᠡ ᠬᠦ ᠪᠠᠶᠢᠳᠠᠯ ᠢ | ᠮᠥᠨ ᠬᠦ ᠪᠠᠲᠤᠯᠠᠭᠰᠠᠭᠠᠷ ᠪᠠᠶᠢᠨ᠎ᠠ᠃ 6 ᠰᠠᠷ᠎ᠠ ᠶᠢᠨ ᠰᠡᠭᠦᠯᠴᠢ ᠪᠤᠯᠳᠠᠯ᠎ᠠ᠂ ᠪᠥᠬᠦ ᠠᠶᠢᠮᠠᠭ ᠤᠨ ᠠᠵᠤ ᠠᠬᠤᠶᠢᠯᠠᠯ ᠠᠵᠢᠯ | ᠦᠢᠯᠡᠰ ᠤᠨ ᠵᠢᠭᠡᠯᠡᠯᠭᠡ ᠶᠢᠨ ᠦᠯᠡᠳᠡᠪᠦᠷᠢ ᠮᠥᠩᠭᠦ 821.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 17% ᠪᠠᠷ ᠨᠡᠮᠡᠭᠳᠡᠪᠡ︔ ᠪᠥᠬᠦ ᠠᠶᠢᠮᠠᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠵᠢᠭᠡᠯᠡᠯᠭᠡ ᠶᠢᠨ ᠦᠯᠡᠳᠡᠪᠦᠷᠢ ᠮᠥᠩᠭᠦ 478.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 21.1% ᠪᠠᠷ ᠨᠡᠮᠡᠭᠳᠡᠪᠡ︔ ᠪᠥᠬᠦ ᠠᠶᠢᠮᠠᠭ ᠤᠨ ᠰᠢᠨᠵᠢᠯᠡᠬᠦ ᠮᠡᠷᠭᠡᠵᠢᠯ ᠤᠨ ᠠᠵᠤ | ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠮᠥᠩᠭᠦ 79.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 70.7% ᠪᠠᠷ ᠨᠡᠮᠡᠭᠳᠡᠪᠡ︔ ᠪᠥᠬᠦ ᠠᠶᠢᠮᠠᠭ ᠤᠨ ᠪᠣᠬᠢᠷᠲᠤᠯ ᠦᠭᠡᠢ ᠵᠢᠭᠡᠯᠡᠯᠭᠡ ᠶᠢᠨ | ᠦᠯᠡᠳᠡᠪᠦᠷᠢ ᠮᠥᠩᠭᠦ 423.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37. | 7% ᠪᠠᠷ ᠨᠡᠮᠡᠭᠳᠡᠪᠡ᠃ | ᠮᠠᠯᠵᠢᠬᠤ ᠲᠠᠷᠢᠶᠠᠯᠠᠬᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ | ᠠᠬᠢᠭᠤᠯᠬᠤ ᠶᠠᠪᠤᠴᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠢ ᠶᠢᠨ ᠭᠤᠣᠯ ᠠᠶᠢᠮᠠᠭ ᠤᠨ ᠬᠤᠪᠢᠶᠠᠷᠢ | ᠪᠠᠩᠬᠢ ᠢᠳᠡᠪᠬᠢᠲᠡᠢ ᠪᠠᠷ ᠠᠷᠭ᠎ᠠ ᠬᠡᠮᠵᠢᠶ᠎ᠡ ᠠᠪᠴᠤ᠂ ᠭᠠᠮᠰᠢᠭᠳᠠᠭᠰᠠᠨ ᠮᠠᠯᠵᠢᠬᠤ ᠡᠷᠦᠬᠡ ᠶᠢ ᠬᠠᠪᠰᠤᠷᠤᠨ ᠬᠦᠴᠢᠷ ᠢ | ᠳᠤᠭᠤᠯᠵᠤ᠂ ᠣᠳᠣᠬᠠᠨ ᠳᠤ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠡᠷᠢᠶᠡᠨ ᠬᠤᠲᠠ ᠶᠢᠨ | ᠬᠠᠤᠯᠢ ᠶᠢᠨ ᠡᠷᠬᠡᠲᠡᠨ ᠤ ᠪᠠᠩᠬᠢ ᠳᠤ ᠲᠠᠷᠢᠶᠠᠯᠠᠩ ᠢ ᠳᠡᠮᠵᠢᠬᠦ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠳᠠᠬᠢᠨ | ᠵᠢᠭᠡᠯᠡᠯᠭᠡ ᠶᠢ 0.8 ᠳ᠋ᠦᠩᠰᠢᠭᠤᠷ ᠲᠥᠭᠦᠷᠢᠭ ᠲᠠᠷᠬᠠᠭᠠᠵᠤ᠂ ᠦᠯᠡᠳᠡᠪᠦᠷᠢ ᠮᠥᠩᠭᠦ ᠨᠢ 2.1 ᠳ᠋ᠦᠩᠰᠢᠭᠤᠷ ᠲᠥᠭᠦᠷᠢᠭ | ᠪᠣᠯᠪᠠ᠃ ᠭᠤᠷᠪᠠᠨ ᠭᠠᠵᠠᠷ ᠤᠨ 117 ︽ᠮᠥᠩᠭᠦᠨ ᠭᠦᠢᠯᠭᠡᠭᠡᠨ ᠤ ᠳᠡᠳ᠋ ᠲᠣᠰᠬᠤᠨ ᠤ ᠳᠠᠷᠤᠭ᠎ᠠ︾ 214 | ᠦᠢᠯᠡᠴᠢᠯᠡᠭᠡᠨ ᠤ ᠡᠷᠦᠬᠡ ︵ᠤᠳᠠᠭ᠎ᠠ︶ ᠲᠠᠢ ᠵᠣᠯᠭᠠᠭᠤᠯᠵᠤ᠂ 0.7 ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠵᠤ᠂ | ᠢᠲᠡᠭᠡᠮᠵᠢ ᠶᠢ ᠬᠡᠷᠡᠭᠯᠡᠭᠰᠡᠨ ᠨᠣᠷᠮ᠎ᠠ ᠨᠢ 98.5% ᠳᠤ ᠬᠥᠷᠪᠡ︔ 3 ᠬᠠᠤᠯᠢ ᠶᠢᠨ ᠡᠷᠬᠡᠲᠡᠨ ᠤ ᠪᠠᠶᠢᠭᠤᠯᠤᠮᠵᠢ ᠠᠴᠠ | ᠭᠤᠷᠪᠠᠨ ᠵᠢᠯ ᠪᠡᠯᠴᠢᠭᠡᠷ ᠨᠢ ᠨᠣᠭᠤᠭᠠᠷᠠᠭᠠᠳᠤᠢ 7 ᠰᠤᠮᠤ ᠶᠢᠨ 118 ᠡᠷᠦᠭᠡ ᠶᠢᠨ ᠮᠠᠯᠴᠢᠨ ᠲᠠᠷᠢᠶᠠᠴᠢᠨ ᠳᠤ 0.2 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠬᠤᠭᠤᠴᠠᠭ᠎ᠠ ᠶᠢ ᠨᠢ ᠤᠷᠲᠤᠳᠬᠠᠨ ᠦᠷᠭᠦᠯᠵᠢᠯᠡᠨ ᠵᠢᠭᠡᠯᠡᠭᠦᠯᠪᠡ︔ 590 | ᠮᠠᠯᠵᠢᠬᠤ ᠲᠠᠷᠢᠶᠠᠯᠠᠬᠤ ᠡᠷᠦᠬᠡ ᠶᠢᠨ 1 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠬᠦᠦ ᠮᠥᠩᠭᠦ ᠶᠢ ᠪᠠᠭᠤᠷᠠᠭᠤᠯᠵᠤ᠂ | ᠳᠤᠮᠳᠠᠴᠢ ᠪᠠᠷ 3.5 ᠵᠠᠭᠤᠨ ᠤ ᠨᠢᠭᠡᠴᠢ ᠪᠠᠭᠤᠷᠠᠭᠤᠯᠤᠨ᠂ ᠵᠢᠯ ᠤᠨ 340 ᠲᠦᠮᠡᠨ ᠲᠥᠭᠦᠷᠢᠭ ᠤᠨ ᠬᠦᠦ ᠮᠥᠩᠭᠦ ᠶᠢ ᠨᠢ | ᠠᠷᠪᠢᠯᠠᠵᠤ ᠥᠭᠪᠡ︔ 145 ᠮᠠᠯᠵᠢᠬᠤ ᠲᠠᠷᠢᠶᠠᠯᠠᠬᠤ ᠡᠷᠦᠬᠡ ᠳᠤ ᠳᠣᠣᠷ᠎ᠠ ᠬᠦᠦ ᠮᠥᠩᠭᠦ ᠪᠠᠷ 0.2 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠲᠠᠯᠪᠢᠪᠠ᠃ | |