ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2024/9/14
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ     ᠥᠪᠥᠷ ᠵᠠᠰᠠᠭ ᠠᠯᠪᠠᠨ ᠲᠠᠷᠬᠠᠭᠠᠭᠰᠠᠨ ﹇2024﹈ 10 ᠳ᠋ᠤᠭᠠᠷ ᠲᠣᠭᠠᠲᠤ   ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ   ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄           ︽ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                  2024 ᠣᠨ ᠤ 2 ᠳ᠋ᠤᠭᠠᠷ ᠰᠠᠷ᠎ᠠ ᠶᠢᠨ 25 ᠤ ᠡᠳᠦᠷ                                ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶        ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ            ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠬᠡᠪᠴᠢᠶᠡᠵᠢᠭᠦᠯᠦᠨ᠂ ᠠᠵᠤ ᠦᠢᠯᠡᠰᠵᠢᠭᠦᠯᠦᠨ᠂ ᠲᠥᠷᠥᠯ ᠲᠡᠮᠳᠡᠭᠵᠢᠭᠦᠯᠦᠨ ᠬᠥᠭᠵᠢᠭᠦᠯᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠲᠦᠷᠭᠡᠬᠡᠨ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠭᠠᠷᠤᠯᠲᠠ ᠶᠢᠨ ᠲᠣᠮᠣ ᠣᠷᠣᠨ ᠪᠠᠶᠢᠭᠰᠠᠨ ᠠᠴᠠ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠣᠣᠷᠠᠬᠢ ᠮᠡᠲᠦ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠃           ᠨᠢᠭᠡ᠂ ᠣᠳᠣ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ         2024 ᠣᠨ ︵ᠪᠠᠭᠲᠠᠨ᠎ᠠ︶ ᠠᠴᠠ ᠬᠤᠶᠢᠰᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠬᠡᠪᠴᠢᠶ᠎ᠡ ᠪᠠᠨ ᠥᠷᠭᠡᠳᠬᠡᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠣᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠭᠰᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠳᠤ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠶᠢ ᠵᠢᠭᠡᠯᠡᠵᠦ ᠣᠷᠣᠭᠤᠯᠤᠨ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠶᠢᠨ 70% ᠪᠠᠷ ᠲᠡᠷᠡᠴᠢᠯᠡᠨ 2% ᠶᠢ ᠥᠯᠥ ᠬᠡᠲᠦᠷᠡᠬᠦ ᠬᠦᠦ ᠮᠥᠩᠭᠦ ᠶᠢᠨ ᠨᠣᠷᠮ᠎ᠠ ᠶᠣᠰᠣᠭᠠᠷ᠂ ᠵᠢᠯ ᠪᠦᠷᠢ 200 ᠲᠦᠮᠡᠨ ᠲᠥᠭᠦᠷᠢᠭ ᠠᠴᠠ ᠥᠯᠥ ᠳᠠᠪᠠᠭᠤ ᠳᠠᠮ ᠬᠦᠦ ᠶᠢᠨ ᠳᠡᠮᠵᠢᠯᠭᠡ ᠣᠯᠭᠤᠵᠤ᠂ ᠲᠡᠭᠦᠨ ᠢ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶᠡᠴᠢ ᠬᠤᠯᠪᠣᠭᠠᠲᠤ ᠴᠣᠭᠴᠠ ᠪᠠᠷ ᠦᠨᠡᠮᠰᠢᠭᠦᠯᠬᠦ ᠶᠢ ᠨᠢ ᠵᠣᠷᠢᠭᠵᠢᠭᠤᠯᠤᠨ᠎ᠠ᠃ ᠰᠢᠨ᠎ᠡ ᠪᠠᠷ ᠦᠨᠡᠮᠰᠢᠭᠰᠡᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠳᠤ ᠨᠢᠭᠡ ᠯᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠤᠯᠤᠰ ᠤᠨ ᠲᠠᠰ ᠤᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠨᠢᠭᠡᠳ ᠨᠢᠭᠡ ᠪᠠᠷ ᠲᠡᠳᠬᠦᠬᠦ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠦᠨ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ︾ ᠪᠠᠷ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈            ᠬᠤᠶᠠᠷ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠢ ᠶᠡᠭᠡ ᠪᠠᠷ ᠣᠷᠣᠭᠤᠯᠤᠨ ᠠᠪᠴᠢᠷᠠᠨ᠎ᠠ            ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠨ ᠪᠠᠷᠢᠮᠵᠢᠶᠠᠵᠢᠭᠤᠯᠤᠨ ᠦᠢᠯᠡᠳᠪᠦᠷᠢᠯᠡᠬᠦ ᠳᠤ ᠨᠡᠶᠢᠴᠡᠭᠰᠡᠨ ᠦᠢᠯᠡᠳᠪᠦᠷᠢ ᠶᠢᠨ ᠭᠡᠷ ᠪᠠᠶᠢᠰᠢᠩ ᠢ ᠪᠠᠶᠢᠭᠤᠯᠵᠤ᠂ ᠨᠠᠷᠢᠯᠢᠭ ᠭᠦᠨ ᠡᠳ᠋ᠰᠢᠭᠦᠯᠬᠦ ᠲᠥᠬᠦᠭᠡᠷᠦᠮᠵᠢ ᠬᠤᠳᠠᠯᠳᠤᠨ ᠠᠪᠴᠤ᠂ ᠣᠷᠣᠭᠤᠯᠤᠨ ᠠᠪᠴᠢᠷᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠳᠠᠩᠰᠠᠯᠠᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠳᠤ ᠲᠦᠷᠢᠶᠡᠰᠦᠯᠡᠨ ᠥᠭᠴᠦ ᠡᠳ᠋ᠰᠢᠭᠦᠯᠦᠨ ᠦᠢᠯᠡᠳᠪᠦᠷᠢᠯᠡᠭᠦᠯᠦᠨ᠎ᠡ᠃ ᠰᠢᠨ᠎ᠡ ᠪᠠᠷ ᠳᠠᠩᠰᠠᠯᠠᠭᠤᠯᠤᠭᠰᠠᠨ ᠮᠥᠷᠲᠡᠭᠡᠨ ᠣᠨ ᠤ ᠭᠤᠣᠯ ᠡᠵᠡᠩᠨᠡᠵᠦ ᠪᠠᠶᠢᠭ᠎ᠠ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠭᠦᠨᠵᠡᠭᠡᠢ ᠡᠳ᠋ᠰᠢᠭᠦᠯᠬᠦ ᠠᠵᠤ ᠠᠬᠤᠶᠢᠯᠠᠯ ᠳᠤ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠨ ᠣᠷᠣᠭᠤᠯᠵᠤ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ  ᠦᠨ᠎ᠡ  ᠶᠢᠨ  ᠬᠦᠦ  ᠶᠢᠨ  ᠨᠤᠷᠮ᠎ᠠ ︵LPR︶ ᠶᠢᠨ 70% ᠪᠠᠷ ᠲᠡᠷᠡᠴᠢᠯᠡᠨ 2% ᠠᠴᠠ ᠦᠯᠦ ᠬᠡᠲᠦᠷᠡᠬᠦ ᠬᠦᠦ ᠶᠢᠨ ᠨᠤᠷᠮ᠎ᠠ ᠪᠠᠷ ᠵᠢᠯ ᠪᠦᠷᠢ 200 ᠲᠦᠮᠡᠨ ᠲᠥᠭᠦᠷᠢᠭ ᠠᠴᠠ ᠦᠯᠦ ᠬᠡᠲᠦᠷᠡᠬᠦ ᠲᠡᠮ ᠬᠦᠦ ᠶᠢᠨ ᠳᠡᠮᠵᠢᠯᠭᠡ ᠣᠯᠭᠤᠨ᠎ᠠ᠃ ﹇ᠬᠠᠷᠢᠭᠤᠴᠠᠯᠭᠠᠲᠤ   ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈             ᠭᠤᠷᠪᠠ᠂ ᠨᠠᠷᠢᠯᠢᠭ ᠭᠦᠨ ᠡᠳ᠋ᠰᠢᠭᠦᠯᠭᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ             2024 ᠣᠨ ᠠᠴᠠ ᠬᠤᠶᠢᠰᠢᠬᠢ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1.6 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠢᠨ᠎ᠡ ᠪᠠᠷ ᠪᠠᠶᠢᠭᠤᠯᠤᠭᠰᠠᠨ ᠪᠠ ᠲᠠᠰ ᠳᠡᠪᠰᠢᠭᠦᠯᠦᠨ ᠥᠭᠡᠷᠡᠴᠢᠯᠡᠭᠰᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠢᠯᠢᠭ ᠭᠦᠨ ᠡᠳ᠋ᠰᠢᠭᠦᠯᠬᠦ ᠲᠥᠷᠥᠯ ᠵᠦᠢᠯ ᠤᠨ ᠵᠢᠭᠡᠯᠡᠯᠭᠡ ᠶᠢ ᠵᠢᠭᠡᠯᠡᠭᠰᠡᠨ ᠠᠵᠤ ᠠᠬᠤᠶᠢᠯᠠᠯ ᠳᠤ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠶᠢᠨ 70% ᠪᠠᠷ ᠲᠡᠷᠡᠴᠢᠯᠡᠨ 2% ᠠᠴᠠ ᠥᠯᠥ ᠬᠡᠲᠦᠷᠡᠬᠦ ᠬᠦᠦ ᠮᠥᠩᠭᠦ ᠶᠢᠨ ᠨᠣᠷᠮ᠎ᠠ ᠶᠣᠰᠣᠭᠠᠷ᠂ ᠵᠢᠯ ᠪᠦᠷᠢ 300 ᠲᠦᠮᠡᠨ ᠲᠥᠭᠦᠷᠢᠭ ᠠᠴᠠ ᠥᠯᠥ ᠳᠠᠪᠠᠭᠤ ᠳᠠᠮ ᠬᠦᠦ ᠶᠢᠨ ᠳᠡᠮᠵᠢᠯᠭᠡ ᠣᠯᠭᠤᠨ᠎ᠠ᠃ ᠵᠢᠯ ᠤᠨ ᠨᠢᠲᠤᠯᠵᠤ ᠡᠳ᠋ᠰᠢᠭᠦᠯᠬᠦ ᠪᠣᠳᠠᠲᠠᠢ ᠬᠡᠮᠵᠢᠶ᠎ᠡ ᠨᠢ 2 ᠲᠦᠮᠡ ᠠᠴᠠ ᠳᠡᠭᠡᠭᠰᠢ ᠠᠯᠠᠰᠢᠨ ᠦᠬᠡᠷ ᠨᠢᠲᠤᠯᠬᠤ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠪᠣᠷᠳᠣᠭᠰᠠᠨ ᠦᠬᠡᠷ ᠢ ᠬᠤᠳᠠᠯᠳᠤᠨ ᠠᠪᠬᠤ ᠭᠦᠢᠯᠭᠡᠭᠡᠨ ᠤ ᠪᠡᠯᠡ ᠮᠥᠩᠭᠦ ᠶᠢᠨ ᠵᠢᠭᠡᠯᠡᠯᠭᠡ ᠳᠤ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠶᠢᠨ 70% ᠪᠠᠷ ᠲᠡᠷᠡᠴᠢᠯᠡᠨ 2% ᠠᠴᠠ ᠦᠯᠦ ᠬᠡᠲᠦᠷᠡᠬᠦ ᠬᠦᠦ ᠮᠥᠩᠭᠦ ᠶᠢᠨ ᠨᠣᠷᠮ᠎ᠠ ᠪᠠᠷ ᠵᠢᠯ ᠪᠦᠷᠢ 600 ᠲᠦᠮᠡᠨ ᠲᠥᠭᠦᠷᠢᠭ ᠠᠴᠠ ᠦᠯᠦ ᠬᠡᠲᠦᠷᠡᠬᠦ ᠳᠠᠮ ᠬᠦᠦ ᠶᠢᠨ ᠳᠡᠮᠵᠢᠯᠭᠡ ᠣᠯᠭᠤᠨ᠎ᠠ᠃ ᠠᠯᠠᠰᠢᠨ ᠦᠬᠡᠷ ᠤᠨ ᠠᠵᠤ ᠠᠬᠤᠶᠢᠯᠠᠯ ᠤᠨ ᠦᠬᠡᠷ ᠤᠨ ᠮᠢᠬᠠᠨ ᠤ ᠪᠡᠯᠡᠨ ᠵᠠᠭᠤᠰᠢ᠂ ᠴᠢᠳᠬᠤᠭᠰᠠᠨ ᠪᠦᠲᠦᠭᠡᠭᠳᠡᠬᠦᠨ᠂ ᠡᠷᠡᠭᠦᠯᠵᠢᠯ ᠤᠨ ᠡᠳ᠋᠂ ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠲᠣᠮᠣ ᠬᠡᠯᠪᠡᠷᠢ ᠶᠢᠨ ᠨᠠᠷᠠᠲᠠᠢ ᠠᠵᠤ ᠠᠬᠤᠶᠢᠯᠠᠯ ᠤᠨ ᠠᠯᠠᠰᠢᠨ ᠦᠬᠡᠷ ᠤᠨ ᠠᠵᠤ ᠦᠢᠯᠡᠰ ᠲᠤ ᠣᠷᠣᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠠᠷᠭ᠎ᠠ ᠵᠠᠮ᠂ ᠨᠠᠷᠠᠲᠤ ᠲᠥᠷᠥᠯ ᠲᠡᠮᠳᠡᠭ ᠤᠨ ᠳᠠᠪᠠᠭᠤᠯᠢᠭ ᠪᠠ ᠬᠠᠮᠢᠶᠠᠷᠤᠯᠲᠠ ᠶᠢᠨ ᠲᠦᠪᠰᠢᠨ ᠢ ᠠᠰᠢᠭᠯᠠᠨ᠂ ᠪᠥᠬᠦ ᠣᠷᠣᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈            ᠳᠥᠷᠪᠡ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠬᠦ ᠶᠢ ᠠᠬᠢᠭᠤᠯᠤᠨ᠎ᠠ            ᠵᠢᠯ ᠪᠦᠷᠢ ᠨᠠᠷᠢᠯᠢᠭ ᠭᠦᠨ ᠡᠳ᠋ᠰᠢᠭᠦᠯᠬᠦ ᠪᠠᠷ ᠭᠤᠣᠯᠯᠠᠭᠰᠠᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠠᠴᠠ 2 ᠢ ᠰᠢᠯᠢᠵᠦ ᠳᠡᠮᠵᠢᠯᠭᠡ ᠦᠵᠡᠭᠦᠯᠦᠨ᠎ᠡ᠃ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠳᠤ ᠪᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠪᠠᠷ ᠭᠤᠣᠯᠯᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠡᠩ ᠲᠡᠷᠢᠭᠦᠨ ᠳᠤ ᠳᠡᠮᠵᠢᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠢ ᠪᠡᠯᠡ ᠮᠥᠩᠭᠦ ᠶᠢ ᠬᠡᠷᠡᠭᠯᠡᠬᠦ ᠳᠤ ᠪᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠪᠠᠷ ᠭᠤᠣᠯᠯᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠡᠩ ᠲᠡᠷᠢᠭᠦᠨ ᠳᠤ ᠳᠡᠮᠵᠢᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ﹈           ᠲᠠᠪᠤ᠂ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ         ᠥᠪᠡᠷᠲᠡᠭᠡᠨ ᠵᠠᠰᠠᠬᠤ ᠣᠷᠣᠨ ᠤ ᠠᠵᠤ ᠦᠢᠯᠡᠰᠵᠢᠭᠦᠯᠦᠨ ᠬᠥᠭᠵᠢᠭᠦᠯᠬᠦ ᠪᠡᠯᠡ ᠮᠥᠩᠭᠦ ᠶᠢ  ᠨᠢᠭᠡᠳᠦᠯᠲᠡᠢ ᠲᠥᠯᠥᠪᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠵᠠᠮᠴᠢ ᠠᠵᠤ ᠠᠬᠤᠶᠢᠯᠠᠯ᠂ ᠰᠦᠯᠵᠢᠶᠡᠨ ᠳᠡᠭᠡᠷ᠎ᠡ ᠪᠣᠷᠣᠯᠠᠭᠤᠯᠬᠤ᠂ ᠣᠨᠴᠠᠯᠢᠭᠲᠤ ᠨᠠᠷᠠᠲᠤ ᠲᠡᠮᠳᠡᠭ ᠵᠡᠷᠭᠡ ᠠᠴᠠ ᠲᠤᠰᠪᠦᠷᠢ ᠰᠢᠯᠭᠠᠷᠠᠭᠤᠯᠤᠭᠰᠠᠨ ᠠᠷᠪᠠᠨ ᠬᠦᠴᠦᠷᠬᠡᠭ ᠠᠵᠤ ᠠᠬᠤᠶᠢᠯᠠᠯ ᠳᠤ᠂ ᠪᠣᠷᠣᠯᠠᠭᠤᠯᠤᠯᠲᠠ ᠶᠢᠨ ᠲᠤᠭ᠎ᠠ ᠨᠢ ᠳᠡᠭᠡᠷ᠎ᠡ ᠵᠢᠯ ᠤᠨ ᠬᠢ ᠠᠴᠠ ᠪᠠᠨ 100 ᠲᠦᠮᠡᠨ ᠲᠥᠭᠦᠷᠢᠭ ᠰᠢᠨ᠎ᠡ ᠪᠠᠷ ᠨᠡᠮᠡᠭᠳᠡᠬᠦ ᠪᠦᠷᠢ 2 ᠲᠦᠮᠡᠨ ᠲᠥᠭᠦᠷᠢᠭ ᠱᠠᠩᠨᠠᠵᠤ᠂ ᠬᠠᠮᠤᠭ ᠤᠨ ᠥᠨᠳᠥᠷ ᠲᠤ ᠪᠠᠨ 30 ᠲᠦᠮᠡᠨ ᠲᠥᠭᠦᠷᠢᠭ ᠠᠴᠠ ᠦᠯᠦ ᠬᠡᠲᠦᠷᠡᠭᠦᠯᠵᠦ᠂ ᠠᠳᠠᠯᠢ ᠨᠢᠭᠡ ᠠᠵᠤ ᠠᠬᠤᠶᠢᠯᠠᠯ ᠢ ᠨᠢᠭᠡ ᠵᠢᠯ ᠳᠤ ᠳᠠᠪᠬᠤᠷᠳᠠᠭᠤᠯᠤᠨ ᠱᠠᠩᠨᠠᠬᠤ ᠦᠭᠡᠢ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ﹈            ᠵᠢᠷᠭᠤᠭ᠎ᠠ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ           ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠳᠡᠪᠰᠢᠭᠰᠡᠨ ᠪᠤᠶᠤ ᠨᠤᠲᠤᠭᠰᠢᠭᠰᠠᠨ ᠤᠯᠤᠰ ᠤᠨ ᠲᠡᠰ ᠤᠨ ᠵᠢᠱᠢᠶ᠎ᠡ ᠦᠵᠡᠭᠦᠯᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ 5A ᠲᠡᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠲᠤᠰ ᠲᠤᠰ 300 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠯᠠ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ ᠪᠣᠯᠬᠤ ᠬᠡᠷᠡᠭᠯᠡᠭᠡᠨ ᠤ ᠭᠠᠵᠠᠷ ᠲᠤ ᠤᠷᠢᠳᠠᠴᠢ ᠬᠦᠢᠲᠡᠨ ᠬᠡᠯᠬᠢᠶᠡᠲᠦ ᠰᠣᠷᠭᠤᠭ ᠬᠠᠳᠠᠭᠠᠯᠠᠬᠤ ᠬᠥᠮᠥᠷᠭᠡ ᠬᠥᠭᠵᠢᠭᠦᠯᠬᠦ ᠶᠢ ᠵᠣᠷᠢᠭᠵᠢᠭᠤᠯᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ﹈           ᠳᠣᠯᠤᠭ᠎ᠠ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠠᠭᠪᠤᠷ ᠲᠤ ᠰᠢᠨ᠎ᠡ ᠶᠢ ᠡᠭᠦᠳᠦᠨ᠎ᠡ           ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠠᠲᠤ ᠲᠡᠮᠳᠡᠭ ᠢ ᠪᠣᠶᠢᠵᠢᠭᠤᠯᠬᠤ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠶᠢ ᠳᠡᠮᠵᠢᠵᠦ᠂ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠯᠲᠡ ᠶᠢ ᠥᠷᠨᠢᠭᠦᠯᠦᠨ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠨᠠᠷᠠᠲᠤ ᠲᠡᠮᠳᠡᠭ᠂ ᠨᠢᠭᠡᠳᠦᠯᠲᠡᠢ ᠢᠯᠭᠠᠬᠤ ᠲᠡᠮᠳᠡᠭ᠂ ᠨᠢᠭᠡᠳᠦᠯᠲᠡᠢ ᠤᠬᠠᠭᠤᠯᠭ᠎ᠠ᠂ ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ︾ ᠨᠡᠷᠡᠮᠵᠢᠲᠦ ᠲᠡᠮᠳᠡᠭ - ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠶ ᠪᠣᠯᠭᠠᠨ᠎ᠠ᠃ ︽ᠥᠪᠥᠷ ᠮᠣᠩᠭᠤᠯ︾ ᠨᠡᠷᠡᠮᠵᠢᠲᠦ ᠲᠡᠮᠳᠡᠭ ᠢᠶᠠᠷ ᠭᠡᠷᠡᠴᠢᠯᠡᠭᠳᠡᠭᠰᠡᠨ ᠠᠵᠤ ᠠᠬᠤᠶᠢᠯᠠᠯ ᠳᠤ ᠭᠡᠷᠡᠴᠢᠯᠡᠭᠦᠯᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ 2024 ᠣᠨ ᠳᠤ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠡᠷᠡᠴᠢᠯᠡᠭᠰᠡᠨ ᠭᠠᠷᠤᠯᠲᠠ ᠨᠢ 1000 ᠲᠣᠨ ᠠᠴᠠ ᠳᠡᠭᠡᠭᠰᠢᠬᠢ ᠠᠵᠤ ᠠᠬᠤᠶᠢᠯᠠᠯ ᠤᠨ ᠭᠡᠷᠡᠴᠢᠯᠡᠯᠲᠡ ᠶᠢᠨ ᠵᠠᠷᠤᠳᠠᠯ ᠢ ᠪᠥᠬᠦ ᠲᠤᠭ᠎ᠠ ᠪᠠᠷ ᠨᠢ ᠱᠠᠩᠨᠠᠨ ᠨᠥᠬᠦᠪᠦᠷᠢᠯᠡᠵᠦ᠂ ᠪᠣᠳᠠᠲᠠᠢ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ ᠭᠡᠷᠡᠴᠢᠯᠡᠭᠰᠡᠨ ᠭᠠᠷᠤᠯᠲᠠ ᠪᠠᠷ ᠦᠨᠳᠦᠰᠦᠯᠡᠯ ᠪᠣᠯᠭᠠᠨ ᠲᠣᠭᠲᠠᠭᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ︽ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠬᠦ ᠶᠢ ᠠᠬᠢᠭᠤᠯᠵᠤ᠂ ᠪᠡᠭᠡᠵᠢᠩ ᠵᠡᠷᠭᠡ ᠨᠢᠭᠡᠳᠦᠭᠡᠷ ᠵᠡᠷᠭᠡᠯᠡᠯ ᠤᠨ ᠬᠤᠲᠠ ᠳᠤ ︽ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ ᠠᠴᠠ ᠭᠠᠷᠬᠤ︾ ᠬᠡᠷᠡᠭᠯᠡᠭᠡ ᠶᠢ ᠬᠠᠪᠰᠤᠷᠤᠨ ᠲᠡᠳᠬᠦᠵᠦ ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠡᠷᠭᠢᠯᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠶᠠᠮᠤᠨ ᠵᠥᠪᠯᠡᠯ᠂ ᠲᠥᠪ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠬᠤᠳᠠᠯᠳᠤᠭ᠎ᠠ ᠬᠡᠲᠦ ᠳᠡᠯᠭᠡᠭᠦᠷ᠂ ᠬᠤᠭᠤᠯᠠ ᠤᠮᠳᠠᠭᠠᠨ ᠳᠤ ᠣᠷᠣᠭᠤᠯᠬᠤ ᠶᠢ ᠠᠬᠢᠭᠤᠯᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠳᠠᠭᠠᠭᠤᠯᠬᠤ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠡᠷᠴᠢᠮᠵᠢᠭᠦᠯᠦᠨ ᠳᠡᠮᠵᠢᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ﹈           ᠨᠠᠢᠮᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ           ᠠᠵᠤ ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠬᠢᠬᠦ ᠶᠢ ᠳᠡᠮᠵᠢᠵᠦ᠂ ᠵᠠᠬᠢᠶᠠᠯᠠᠭ᠎ᠠ ᠶᠢᠨ ᠬᠠᠭᠤᠳᠠᠰᠤ᠂ ᠰᠠᠩ ᠤᠨ ᠬᠠᠭᠤᠳᠠᠰᠤ᠂ ᠬᠤᠷᠢᠶᠠᠪᠠᠰᠤ ᠵᠣᠬᠢᠬᠤ ᠲᠠᠩᠰᠠᠨ ᠤ ᠵᠣᠭᠤᠰ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠨᠢᠭᠦᠯᠦᠨ᠂ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ ᠨᠢᠭᠡᠳᠦᠯᠲᠡᠢ ᠳᠡᠩᠰᠡᠯᠡᠨ ᠲᠡᠮᠳᠡᠭᠯᠡᠵᠦ ᠨᠡᠶᠢᠲᠡ ᠳᠤ ᠵᠠᠷᠯᠠᠬᠤ ᠰᠢᠰᠲ᠋ᠧᠮ ᠢᠶᠠᠷ ᠳᠠᠮᠵᠢᠭᠤᠯᠤᠨ ᠳᠠᠭᠠᠭᠠᠯᠲᠠ ᠲᠠᠢ ᠪᠡᠯᠡ ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠢ ᠳᠡᠩᠰᠡᠯᠡᠨ ᠲᠡᠮᠳᠡᠭᠯᠡᠨ᠎ᠡ᠃ ᠬᠦᠦ ᠮᠥᠩᠭᠦ ᠶᠢᠨ ᠨᠣᠷᠮ᠎ᠠ ᠳᠤ ᠨᠥᠬᠦᠪᠦᠷᠢ ᠥᠭᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠨᠡᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠪᠣᠯᠣᠨ ᠨᠡᠶᠢᠭᠡᠮ ᠤᠨ ᠮᠥᠩᠭᠦᠨ ᠭᠦᠢᠯᠭᠡᠭᠡᠨ ᠤ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠬᠥᠭᠵᠢᠯᠲᠡ ᠳᠤ ᠣᠷᠣᠭᠤᠯᠤᠯᠲᠠ ᠬᠢᠯᠭᠡᠨ᠎ᠡ᠃ ᠨᠥᠬᠦᠴᠡᠯ ᠳᠤ ᠨᠡᠶᠢᠴᠡᠬᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠤᠨ ᠪᠠᠩᠬᠢ ᠶᠢᠨ ᠬᠤᠭᠤᠷᠣᠨᠳᠣᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ᠂ ᠤᠷᠲᠤᠪᠲᠤᠷ ᠬᠤᠭᠤᠴᠠᠭᠠᠨ ᠤ ᠪᠠᠷᠢᠮᠲᠠ ᠵᠡᠷᠭᠡ ᠥᠷᠢ ᠥᠭᠴᠡᠭᠡ ᠶᠢᠨ ᠪᠡᠯᠡ ᠲᠣᠬᠢᠷᠠᠭᠤᠯᠭ᠎ᠠ ᠶᠢᠨ ᠪᠠᠭᠠᠵᠢ ᠲᠠᠷᠬᠠᠭᠠᠵᠤ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠮᠥᠩᠭᠦᠨ ᠭᠦᠢᠯᠭᠡᠭᠡᠨ ᠤ ᠬᠡᠯᠬᠢᠶ᠎ᠡ ᠶᠢᠨ ᠳᠠᠷᠤᠭ᠎ᠠ ᠶᠢᠨ ᠳᠦᠷᠢᠮ ᠢ ᠪᠠᠶᠢᠭᠤᠯᠵᠤ᠂ ᠠᠵᠤ ᠦᠢᠯᠡᠰ ᠬᠤᠪᠢᠶᠠᠨ ᠬᠡᠯᠬᠢᠶ᠎ᠡ ᠶᠢᠨ ᠳᠠᠷᠤᠭ᠎ᠠ ᠶᠢᠨ ᠪᠠᠩᠬᠢ ᠪᠣᠯᠣᠨ ᠬᠠᠪᠰᠤᠷᠤᠨ ᠡᠷᠬᠢᠯᠡᠬᠦ ᠪᠠᠩᠬᠢ ᠶᠢ ᠲᠣᠳᠣᠷᠬᠠᠶᠢᠯᠠᠵᠤ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠦᠢᠯᠡᠴᠢᠯᠡᠭᠡ ᠬᠠᠩᠭᠠᠨ᠎ᠠ᠃ ᠥᠪᠡᠷ ᠤᠨ ᠦᠷᠳᠡᠭ ᠤᠨ ᠳᠠᠭᠠᠳᠬᠠᠯ᠂ ᠶᠠᠰᠤ ᠴᠢᠨᠠᠷ ᠤᠨ ᠳᠠᠭᠠᠳᠬᠠᠯ᠂ ᠪᠡᠯᠡᠳᠬᠡᠮᠵᠢ ᠶᠢᠨ ᠳᠠᠭᠠᠳᠬᠠᠯ᠂ ᠳᠠᠭᠠᠳᠬᠠᠯ + ᠬᠤᠭᠤᠴᠠᠭᠠᠲᠤ ᠪᠠᠷᠠᠭ᠎ᠠ ᠵᠡᠷᠭᠡ ᠰᠢᠷᠢᠰ ᠦᠢᠯᠡᠴᠢᠯᠡᠭᠡ ᠪᠠ ᠨᠡᠶᠢᠯᠡᠮᠡᠯ ᠨᠡᠷᠡᠳᠭᠦᠨ ᠢ ᠰᠢᠨ᠎ᠡ ᠡᠭᠦᠳᠦᠯᠲᠡ ᠲᠠᠢ ᠪᠠᠷ ᠳᠡᠯᠭᠡᠷᠡᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ﹈           ᠶᠢᠰᠦ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ            ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠬᠤᠳᠠᠯᠳᠤᠨ ᠠᠪᠤᠭᠰᠠᠨ ᠪᠠᠷᠢᠮᠲᠠ ᠪᠠᠷ ᠢᠶᠠᠨ ᠥᠷᠲᠡᠭ ᠨᠡᠮᠡᠭᠳᠡᠯ ᠤᠨ ᠭᠠᠶᠢᠯᠢ ᠶᠢ ᠲᠣᠭᠲᠠᠭᠠᠯ ᠶᠣᠰᠣᠭᠠᠷ ᠲᠤᠯᠭᠠᠨ ᠰᠠᠭᠤᠯᠭᠠᠵᠤ ᠪᠣᠯᠣᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠳᠤ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠠᠬᠤᠶᠢᠯᠠᠯ ᠤᠨ ᠪᠣᠬᠢᠷᠲᠤᠯ ᠦᠭᠡᠢ ᠴᠠᠬᠢᠯᠭᠠᠨ ᠪᠠᠭᠲᠠᠭᠠᠨ ᠰᠢᠩᠭᠡᠭᠡᠬᠦ ᠶᠢ ᠳᠡᠮᠵᠢᠵᠦ᠂ ᠠᠵᠤ ᠠᠬᠤᠶᠢᠯᠠᠯ ᠤᠨ ᠥᠪᠡᠰᠦᠪᠡᠨ ᠪᠣᠬᠢᠷᠲᠤᠯ ᠦᠭᠡᠢ ᠴᠠᠬᠢᠯᠭᠠᠨ ᠡᠭᠦᠰᠬᠡᠭᠴᠢ ᠪᠠᠶᠢᠭᠤᠯᠬᠤ ᠶᠢ ᠵᠣᠷᠢᠭᠵᠢᠭᠤᠯᠤᠨ᠂ ᠪᠣᠬᠢᠷᠲᠤᠯ ᠦᠭᠡᠢ ᠴᠠᠬᠢᠯᠭᠠᠨ ᠤ ᠬᠡᠷᠡᠭᠯᠡᠭᠡᠨ ᠤ ᠬᠠᠷᠢᠴᠠᠯ ᠢ ᠳᠡᠭᠡᠭᠰᠢᠯᠡᠭᠦᠯᠦᠨ᠎ᠡ᠃ ᠤᠰᠤ ᠪᠠᠷ ᠭᠠᠷᠤᠯᠲᠠ ᠶᠢ ᠲᠣᠭᠲᠠᠭᠠᠭᠰᠠᠨ ᠤᠷᠢᠲᠠᠯ ᠳᠣᠣᠷ᠎ᠠ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠪᠠᠲᠤᠯᠠᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ﹈    ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠯ ᠨᠥᠬᠦᠪᠦᠷᠢ ︵ᠱᠠᠩᠨᠠᠯ︶ ᠶᠢᠨ ᠪᠡᠯᠡ ᠮᠥᠩᠭᠦ ᠶᠢ ᠴᠥᠮ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠶᠢ ᠦᠨᠳᠦᠰᠦᠯᠡᠨ ᠨᠥᠬᠦᠪᠦᠷᠢᠯᠡᠬᠦ᠂ ᠡᠷᠭᠢᠯᠳᠦᠭᠦᠯᠦᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ ᠥᠭᠴᠦ᠂ ᠡᠯ᠎ᠡ ᠬᠠᠷᠢᠭᠤᠴᠠᠯᠭᠠᠲᠤ ᠨᠢᠭᠡᠴᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠂ ᠪᠡᠯᠡ ᠮᠥᠩᠭᠦ ᠶᠢᠨ ᠱᠠᠩᠨᠠᠯ ᠨᠥᠬᠦᠪᠦᠷᠢ ᠶᠢᠨ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ᠂ ᠬᠡᠷᠡᠭᠵᠢᠭᠦᠯᠬᠦ ᠠᠭᠤᠯᠭ᠎ᠠ᠂ ᠰᠢᠯᠭᠠᠨ ᠬᠢᠨᠠᠵᠤ ᠰᠢᠯᠭᠠᠨ ᠠᠪᠬᠤ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠵᠣᠬᠢᠷᠠᠭᠰᠠᠨ ᠴᠠᠭ ᠲᠤ ᠨᠢ ᠦᠨᠡᠯᠡᠨ ᠵᠢᠱᠢᠵᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠬᠡᠷᠡᠭᠲᠡᠢ᠃                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                 2024 ᠣᠨ ᠤ 2 ᠳ᠋ᠤᠭᠠᠷ ᠰᠠᠷ᠎ᠠ ᠶᠢᠨ 27 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号