ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ  ᠬᠤᠰᠢᠭᠤ ᠳᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠦᠨᠳᠦᠰᠦᠨ ᠱᠠᠲᠤᠨ ᠳᠤ ᠤᠬᠠᠭᠤᠯᠤᠨ ᠲᠠᠶᠢᠯᠪᠤᠷᠢᠯᠠᠯᠳᠠ ᠭ᠊
ᠨᠡᠶᠢᠲᠡᠯᠡᠭᠰᠡᠨ ᠴᠠᠭ᠄
2024/9/18
    9 ᠰᠠᠷ᠎ᠠ ᠶᠢᠨ 14 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠰᠢᠭᠤ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠦᠨᠳᠦᠰᠦᠨ ᠱᠠᠲᠤᠨ ᠳᠤ ᠤᠬᠠᠭᠤᠯᠤᠨ ᠲᠠᠶᠢᠯᠪᠤᠷᠢᠯᠠᠪᠠ᠃ ᠪᠠᠯᠭᠠᠷᠭᠤᠤᠯ ᠪᠠᠯᠭᠠᠰᠤᠨ ᠤ ᠪᠦᠬᠦ ᠺᠠᠳ᠋ᠷ᠂ ᠡᠯ᠎ᠡ ᠨᠡᠶᠢᠭᠡᠮ ᠲᠣᠭᠤᠷᠢᠭ ᠤᠨ  ᠡᠭᠦᠷ ᠵᠦᠪᠯᠠᠯ ᠤᠨ 80 ᠭᠠᠷᠤᠢ ᠬᠥᠮᠥᠨ ᠤᠬᠠᠭᠤᠯᠤᠨ  ᠲᠠᠶᠢᠯᠪᠤᠷᠢᠯᠠᠯᠳᠠ ᠶᠢ ᠰᠣᠨᠣᠰᠴᠠᠢ᠃      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ   ᠶᠢ ᠰᠤᠷᠤᠯᠴᠠᠨ ᠲᠤᠤᠱᠯᠠᠭᠤᠯᠬᠤ  ᠬᠤᠰᠢᠭᠤ ᠳᠡᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠬᠦᠨ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ   ᠶᠢᠨ ᠳᠡᠳ᠋ ᠫᠷᠤᠹᠧᠰᠰᠤᠷ ᠦ᠋ ᠯᠢ ᠵᠢᠶᠧ   ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠭᠦᠨᠵᠡᠭᠡᠢ ᠠᠬᠢᠭᠤᠯᠬᠤ ᠲᠣᠭᠤᠷᠢᠨ ᠳᠤ ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ ᠡᠵᠡᠮᠰᠢᠵᠦ᠂ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠦᠬᠦᠮ ᠣᠶᠢᠯᠠᠭᠠᠮᠵᠢᠲᠠᠢ ᠦᠭᠡ ᠬᠡᠯᠡ᠂ ᠠᠮᠢᠳᠤᠯᠢᠭ ᠬᠡᠷᠡᠭ ᠤᠨ ᠵᠢᠱᠢᠶ᠎ᠡ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠵᠤ᠂ ᠭᠦᠨᠵᠡᠭᠡᠢ ᠲᠣᠳᠣᠷᠬᠠᠶᠢᠯᠠᠨ ᠥᠭᠦᠯᠡᠪᠡ᠃       ᠬᠤᠷᠠᠯ ᠳᠤ ᠣᠷᠣᠯᠴᠠᠭᠰᠠᠳ ᠢᠯᠡᠳᠬᠡᠬᠦ ᠳᠡᠭᠡᠨ᠂ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠶᠤᠨ ᠲᠠᠷᠢᠬᠢᠨ ᠳᠠᠭᠠᠨ ᠬᠠᠳᠠᠩᠰᠢᠭᠤᠯᠵᠤ᠂ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠳᠡᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠬᠦᠴᠦ ᠣᠷᠣᠭᠤᠯᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠎ᠡ ᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号