ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/18
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ  ᠲᠤᠰᠠᠳᠠ ᠬᠤᠰᠢᠭᠤ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠣᠬᠢᠷᠠᠭᠤᠯᠤᠯᠲᠠ ᠶᠣᠰᠣᠭᠠᠷ ᠂ 9 ᠰᠠᠷ᠎ᠠ ᠶᠢᠨ 14 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠣᠵᠤ᠂  ᠬᠤᠰᠢᠭᠤ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠨᠠᠰᠤᠨᠳᠡᠯᠭᠡᠷ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠰᠢᠰᠲ᠋ᠧᠮ ᠤᠨ ᠪᠥᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠵᠠᠢ᠃      ᠬᠤᠷᠠᠯ ᠳᠤ᠂  ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠵᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠵᠡᠷᠭᠡ ᠲᠠᠯ᠎ᠠ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠭᠦᠨᠵᠡᠭᠡᠢ ᠲᠠᠶᠢᠯᠤᠮᠵᠢ ᠬᠢᠪᠡ᠃     ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ  ᠤᠨ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠠᠯᠢ ᠣᠯᠠᠨ ᠴᠢᠭᠯᠡᠯ ᠤᠨ ᠴᠢᠨᠠᠷᠲᠠᠢ᠂ ᠦᠨᠳᠦᠰᠦᠨ ᠴᠢᠨᠠᠷᠲᠠᠢ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠡᠢ᠃ ᠡᠨᠡ ᠪᠣᠯ ᠪᠥᠬᠦᠳᠡ ᠬᠤᠷᠠᠯ ᠤᠨ ᠵᠣᠷᠢᠭ ᠰᠠᠨᠠᠭᠠᠨ ᠤ ︽ᠬᠥᠲᠥᠯᠪᠦᠷᠢ︾ ᠮᠦᠨ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ  ᠪᠠᠶᠢᠵᠤ᠂ ᠪᠦᠬᠦ ᠺᠠᠳ᠋ᠷ ᠠᠵᠢᠯᠲᠠᠨ ᠠᠵᠢᠯᠴᠢᠨ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠲᠠᠨᠢᠯᠲᠠ ᠪᠠ ᠣᠶᠢᠯᠠᠭᠠᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠢ᠃ ᠬᠤᠶᠠᠷ ᠲᠤ᠂ ᠨᠠᠮ ᠤᠨ ᠭᠡᠰᠢᠭᠦᠨ ᠺᠠᠳ᠋ᠷᠴᠤᠳ ᠤᠨ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠬᠦ ᠦᠢᠯᠡᠳᠦᠯ ᠢ ᠪᠠᠳᠠᠷᠠᠭᠤᠯᠵᠤ ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠨ ᠣᠶᠢᠯᠠᠭᠠᠵᠤ᠂ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾᠂ ︽ᠲᠥᠪᠯᠡᠷᠡᠭᠦᠯᠦᠨ ᠰᠤᠷᠤᠯᠴᠠᠬᠤ︾ ᠵᠡᠷᠭᠡ ᠠᠴᠢᠶᠠᠯᠠᠪᠤᠷᠢ ᠶᠢ ᠰᠠᠶᠢᠲᠤᠷ ᠠᠰᠢᠭᠯᠠᠨ ᠭᠥᠨᠵᠡᠭᠡᠢ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ ︽ᠰᠢᠢᠳᠪᠦᠷᠢ︾ ᠶᠢᠨ ᠵᠣᠷᠢᠭ ᠰᠠᠨᠠᠭᠠᠨ ᠤ ᠠᠭᠤᠯᠬᠤᠨ ᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠵᠤ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠵᠤ᠂ ᠣᠨᠣᠯ ᠪᠠ ᠦᠢᠯᠡᠳᠦᠯᠭᠡ ᠶᠢᠨ ᠤᠶᠠᠯᠳᠤᠯ ᠢ ᠴᠢᠩᠭᠠᠳᠬᠠᠨ᠂ ᠰᠢᠢᠳᠪᠦᠷᠢᠲᠦ ᠪᠣᠳᠣᠯᠭ᠎ᠠ ᠨᠢ ᠦᠢᠯᠡᠳᠦᠯᠭᠡ ᠠᠴᠠ ᠢᠷᠡᠯᠲᠡ ᠲᠠᠢ᠂ ᠦᠢᠯᠡᠳᠦᠯᠭᠡ ᠳᠤ ᠦᠢᠯᠡᠴᠢᠯᠡᠬᠦ ᠶᠢ ᠪᠠᠲᠤᠯᠠᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠠ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃     ᠬᠤᠷᠠᠯ ᠤᠨ ᠳᠠᠷᠠᠭ᠎ᠠ ᠣᠯᠠᠨ ᠢᠶᠠᠷ ᠢᠶᠠᠨ᠂ ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ  ᠶᠢ ᠣᠳᠣᠬᠠᠨ ᠤ ᠠᠵᠢᠯ ᠲᠠᠢ ᠪᠠᠨ ᠤᠶᠠᠯᠳᠤᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠤ ᠰᠠᠭᠤᠷᠢᠯᠠᠨ᠂ ᠣᠯᠠᠨ ᠲᠦᠮᠡᠨ ᠤ ᠪᠠᠴᠢᠮ ᠬᠦᠴᠢᠷᠳᠡᠯ ᠵᠣᠪᠠᠨᠢᠯ ᠢ ᠠᠵᠢᠯ ᠤᠨ ᠭᠠᠷᠳᠠᠴᠠ ᠪᠣᠯᠭᠠᠵᠤ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠳᠦᠯ ᠢ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ ᠭᠡᠮᠡᠨ ᠢᠯᠡᠳᠭᠡᠵᠡᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号