ᠪᠠᠷᠠᠭᠤᠨ ᠦᠵᠦᠮᠦᠴᠢᠨ ᠬᠤᠰᠢᠭᠤ ︽ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠤ ᠪᠣᠯᠪᠠᠰᠤᠨ ᠬᠡᠪ ᠰᠤᠷᠲᠠᠯ ᠳᠤ ᠲᠦᠰᠢᠭᠯᠡᠨ ᠬᠥᠮᠥᠰ ᠤᠨ ᠰᠡᠳᠬᠢᠯ ᠢ ᠬᠥᠳᠡᠯᠭᠡᠨ᠎ᠡ︾ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/9/18
    9 ᠰᠠᠷ᠎ᠠ ᠶᠢᠨ 13 ᠤ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂  ᠬᠤᠰᠢᠭᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠂ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶᠠᠨ ᠠᠴᠠ ᠲᠠᠭᠠᠭᠠᠴᠢᠯᠠᠨ ᠡᠷᠭᠢᠯᠡᠭᠰᠡᠨ ᠪᠠᠷᠠᠭᠤᠨ ᠦᠵᠦᠮᠦᠴᠢᠨ ᠬᠤᠰᠢᠭᠤᠨ ᠤ ︽ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠤ ᠪᠣᠯᠪᠠᠰᠤᠨ ᠬᠡᠪ ᠰᠤᠷᠲᠠᠯ ᠳᠤ ᠲᠦᠰᠢᠭᠯᠡᠨ ᠬᠥᠮᠥᠰ ᠤᠨ ᠰᠡᠳᠬᠢᠯ ᠢ ᠬᠥᠳᠡᠯᠭᠡᠨ᠎ᠡ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠮᠡᠳᠡᠯᠭᠡ ᠶᠢᠨ ᠤᠷᠤᠯᠳᠤᠭᠠᠨ ᠬᠠᠮ ᠵᠠᠭᠤᠴᠢᠯᠠᠭᠤᠷ ᠤᠨ ᠲᠥᠪ ᠤᠨ ᠲᠣᠭᠯᠠᠯᠲᠠ ᠶᠢᠨ ᠲᠢᠩᠬᠢᠮ ᠳᠤ ᠶᠠᠪᠤᠭᠳᠠᠪᠠ᠃      ᠲᠣᠰ ᠤᠳᠠᠭᠠᠨ ᠤ ᠤᠷᠤᠯᠳᠤᠭᠠᠨ ᠳᠤ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ᠂ ᠰᠤᠷᠭᠠᠨ ᠬᠥᠮᠦᠵᠢᠯ ᠤᠨ ᠰᠢᠰᠲ᠋ᠧᠮ᠂ ᠡᠷᠡᠭᠦᠯ ᠬᠠᠮᠠᠭᠠᠯᠠᠯ ᠤᠨ ᠰᠢᠰᠲ᠋ᠧᠮ ᠵᠡᠷᠭᠡ ᠨᠡᠶᠢᠲᠡ 32 ᠲᠥᠯᠥᠭᠡᠯᠡᠭᠴᠢᠳ ᠤᠨ ᠠᠩᠭᠢ ᠣᠷᠣᠯᠴᠠᠵᠠᠢ᠃ ᠤᠷᠤᠯᠳᠤᠭᠠᠨ ᠳᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠪᠠ ᠲᠦᠭᠰᠢᠭᠦᠷᠢ ᠶᠢᠨ ᠰᠡᠳᠦᠪ ᠵᠡᠷᠭᠡ 3 ᠵᠦᠢᠯ ᠤᠨ ᠰᠡᠳᠦᠪ ᠤᠨ ᠬᠡᠯᠪᠡᠷᠢ ᠲᠠᠢ ᠪᠠᠶᠢᠵᠤ᠂ ᠠᠭᠤᠯᠭ᠎ᠠ ᠨᠢ ᠰᠢ ᠶᠢᠨ ᠫᠢᠩ ᠶᠡᠷᠦᠩᠬᠡᠢ ᠱᠦᠵᠢ ᠶᠢᠨ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠰᠦᠯᠵᠢᠶᠡᠨ ᠤ ᠠᠮᠤᠷ ᠲᠦᠪᠰᠢᠨ ᠤ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠠᠭᠤᠯᠭ᠎ᠠ  ᠶᠢ ᠬᠠᠮᠤᠷᠴᠠᠢ᠃        ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠰᠤᠷᠭᠠᠨ ᠬᠥᠮᠦᠵᠢᠯ ᠤᠨ ᠲᠣᠪᠴᠢᠶ᠎ᠠ ᠨᠢᠭᠡᠳᠦᠭᠡᠷ ᠳᠡᠰ ᠲᠤ ᠲᠣᠳᠣᠷᠠᠵᠣ᠂ ᠶᠢᠨ ᠮᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠵᠢᠯᠴᠢᠨ ᠤ ᠶᠡᠷᠦᠩᠬᠡᠢ ᠡᠪᠯᠡᠯ ᠬᠤᠶᠠᠳᠤᠭᠠᠷ ᠳᠡᠰ ᠲᠤ  ᠲᠣᠳᠣᠷᠠᠵᠣ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠩᠬ᠎ᠠ ᠵᠡᠷᠭᠡ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠤᠰᠤᠨ ᠠᠰᠢᠭᠯᠠᠯᠲᠠ  ᠶᠢᠨ ᠲᠣᠪᠴᠢᠶ᠎ᠠ ᠭᠤᠷᠪᠠᠳᠤᠭᠠᠷ ᠳᠡᠰ ᠲᠤ ᠲᠣᠳᠣᠷᠠᠵᠣ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠪᠠᠶᠢᠴᠠᠭᠠᠬᠤ ᠬᠤᠷᠢᠶ᠎ᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃      ᠲᠣᠰ ᠤᠳᠠᠭᠠᠨ ᠤ ᠠᠵᠢᠯᠯᠠᠭ᠎ᠠ ᠨᠢ ᠤᠷᠤᠯᠳᠤᠭᠠᠨ ᠤ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠠᠵᠢᠯᠲᠠᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠬᠠᠮᠠᠭᠠᠯᠠᠯᠲᠠ ᠶᠢᠨ ᠤᠷ᠎ᠠ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠲᠤᠬᠠᠢ ᠲᠠᠨᠢᠯᠲᠠ ᠂ ᠳᠡᠮᠵᠢᠯᠭᠡ ᠶᠢᠨ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃   ᠪᠠᠷᠠᠭᠤᠨ ᠦᠵᠦᠮᠦᠴᠢᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠥᠯᠥᠭᠡᠯᠡᠭᠴᠢᠳ ᠤᠨ ᠠᠩᠭᠢ ᠶᠢᠨ ᠣᠷᠣᠯᠴᠠᠭᠴᠢ  ᠰᠢᠤᠸᠠᠨ ᠳ᠋ᠢ  ᠄ ︽ᠲᠣᠰ ᠣᠳᠠᠭᠠᠨ ᠤ ᠮᠡᠳᠡᠯᠭᠡ ᠶᠢᠨ ᠣᠷᠣᠯᠳᠣᠭᠠᠨ ᠳᠤ ᠣᠷᠣᠯᠴᠠᠭᠰᠠᠨ ᠳᠤ ᠪᠠᠨ ᠮᠠᠰᠢ ᠪᠠᠶᠠᠷᠲᠠᠢ ᠪᠠᠶᠢᠨ᠎ᠠ᠃ ᠤᠷᠤᠯᠳᠤᠭᠠᠨ ᠤ ᠠᠭᠤᠯᠭ᠎ᠠ ᠶᠢ ᠰᠤᠷᠤᠯᠴᠠᠬᠤ ᠪᠠᠷ ᠲᠠᠮᠵᠢᠨ᠂ ᠪᠢ ᠦᠨᠳᠦᠰᠦᠲᠡᠨ ᠤ ᠪᠦᠯᠬᠦᠮᠳᠡᠯ ᠪᠠ ᠰᠦᠯᠵᠢᠶᠡᠨ ᠤ ᠠᠮᠤᠷ ᠲᠦᠪᠰᠢᠨ ᠵᠡᠷᠭᠡ ᠲᠠᠯ᠎ᠠ ᠶᠢᠨ ᠮᠡᠳᠡᠯᠭᠡ  ᠶᠢ ᠨᠡᠩ ᠭᠦᠨᠵᠡᠭᠡᠢ ᠣᠶᠢᠯᠠᠭᠠᠬᠤ ᠪᠠᠷ ᠪᠠᠷᠠᠬᠤ ᠦᠭᠡᠢ᠂ ᠥᠪᠡᠷ ᠤᠨ ᠮᠡᠳᠡᠯᠭᠡ ᠶᠢᠨ ᠨᠥᠭᠡᠴᠡ ᠪᠠᠨ ᠲᠡᠭᠦᠯᠳᠡᠷᠵᠢᠭᠦᠯᠵᠦ᠂ ᠬᠤᠵᠢᠮ ᠡᠶᠢᠮᠦᠷᠬᠦᠦ ᠮᠡᠳᠡᠯᠭᠡ ᠶᠢᠨ ᠤᠷᠤᠯᠳᠤᠭᠠᠨ ᠳᠤ ᠢᠯᠡᠭᠦᠬᠡᠨ ᠣᠷᠣᠯᠴᠠᠵᠤ᠂ ᠥᠪᠡᠷ ᠤᠨ ᠮᠡᠳᠡᠯᠭᠡ ᠶᠢᠨ ᠬᠡᠪᠴᠢᠶ᠎ᠡ ᠪᠠᠨ ᠥᠷᠭᠡᠳᠬᠡᠬᠦ ᠶᠢᠨ ᠬᠠᠮᠲᠤ ᠪᠠᠰᠠ ᠪᠤᠰᠤᠳ ᠤᠷᠤᠯᠳᠤᠭᠠᠨ ᠳᠤ ᠣᠷᠣᠯᠴᠠᠭᠰᠠᠳ ᠤᠨ ᠪᠡᠶ᠎ᠡ ᠳᠡᠭᠡᠷ᠎ᠡ ᠠᠴᠠ ᠨᠡᠩ ᠤᠯᠠᠨ ᠨᠡᠩ ᠰᠢᠯᠢᠳᠡᠭ ᠵᠠᠩ ᠴᠢᠨᠠᠷ ᠢ ᠰᠤᠷᠤᠯᠴᠠᠬᠤ ᠶᠢ ᠬᠦᠰᠡᠵᠦ ᠪᠠᠶᠢᠨ᠎ᠠ︾ ᠭᠡᠯ᠎ᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号