ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠪᠠᠶᠢᠭᠤᠯᠤᠯᠭ᠎ᠠ ᠨᠢᠭᠡᠴᠡ ᠢᠳᠡᠪᠬᠢᠲᠡᠢ | ᠬᠥᠳᠡᠯᠦᠯᠴᠡᠵᠦ᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠪᠥᠬᠦᠳᠡ ᠬᠤᠷᠠᠯ ᠤᠨ | ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠪᠡ᠃ | ᠣᠶᠢᠷ᠎ᠠ ᠳᠤ᠂ ᠬᠤᠰᠢᠭᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠤᠪᠴᠢᠶᠠᠨ ᠤ ᠨᠠᠮ ᠤᠨ ᠡᠭᠦᠷ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠤᠨ | ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠵᠢᠴᠢ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠭᠦᠨᠵᠡᠭᠡᠢ ᠰᠣᠷᠣᠯᠴᠠᠵᠤ᠂ | ᠰᠣᠷᠣᠯᠴᠠᠯᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠲᠤ ︽ᠲᠣᠭᠲᠠᠭᠠᠯ︾ ᠤᠨ ᠠᠭᠤᠯᠤᠭᠳᠠᠬᠤᠨ | ᠪᠣᠯᠣᠨ ︽ᠲᠣᠭᠲᠠᠭᠠᠯ︾ ᠤᠨ ᠦᠵᠡᠯ ᠰᠠᠨᠠᠭ᠎ᠠᠶᠢ ᠭᠦᠨᠵᠡᠭᠡᠢ ᠣᠶᠢᠯᠠᠭᠠᠭᠤᠯᠵᠤ᠂ ᠨᠠᠮ ᠤᠨ ᠭᠡᠰᠢᠭᠦᠨ ᠺᠠᠳ᠋ᠷᠴᠤᠳ | ᠰᠤᠷᠤᠯᠭ᠎ᠠ ᠶᠢᠨ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠪᠣᠳᠠᠲᠤ ᠠᠵᠢᠯᠯᠠᠭ᠎ᠠ | ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠵᠦ᠂ ᠰᠢᠨ᠎ᠡ ᠠᠶᠠᠨ ᠳᠠᠬᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢ ᠱᠠᠭᠠᠷᠳᠠᠭᠰᠠᠨ ᠪᠠᠶᠢᠨ᠎ᠠ᠃ | ᠡᠭᠦᠨ ᠤ ᠬᠠᠮᠲᠤ ᠨᠠᠮ ᠤᠨ ᠭᠡᠰᠢᠭᠦᠨ ᠺᠠᠳ᠋ᠷ ᠬᠠᠭ᠋ᠠᠭᠤᠯᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠤᠬᠠᠭᠤᠯᠤᠨ ᠲᠠᠶᠢᠯᠪᠤᠷᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠪᠣᠯᠣᠨ | ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠭᠠᠭᠤᠯᠵᠣ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ | ᠬᠥᠳᠡᠯᠮᠦᠷᠢ ᠶᠢᠨ ᠬᠥᠨᠳᠡᠯᠡᠨ ᠤ ᠲᠠᠰᠤᠯᠤᠯᠲᠠ ᠵᠡᠷᠭᠡ ᠭᠤᠣᠯᠳᠠᠯᠭ᠎ᠠ ᠲᠠᠢ ᠬᠥᠷᠢᠶ᠎ᠡ ᠴᠠᠷ᠎ᠠ ᠳᠤ ᠤᠬᠠᠭᠤᠯᠤᠨ | ᠲᠠᠶᠢᠯᠪᠤᠷᠢᠯᠠᠬᠤ ᠠᠭᠤᠯᠭ᠎ᠠ ᠶᠢ ᠤᠯᠠᠨ ᠲᠦᠮᠡᠨ ᠤ ᠬᠠᠯᠠᠮᠰᠢᠯ ᠠᠰᠠᠭᠤᠳᠠᠯ ᠳᠤ ᠣᠶᠢᠷᠠᠲᠤᠭᠤᠯᠵᠤ᠂ ᠠᠮᠢᠳᠣᠯᠢᠭ | ᠪᠤᠲᠠᠲᠠᠢ ᠪᠠᠷ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠵᠣᠷᠢᠵᠣ᠂ ᠤᠯᠠᠨ ᠲᠦᠮᠡᠨ ᠤ ᠤᠯᠤᠰ ᠲᠦᠷᠦ ᠶᠢᠨ | ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ ᠪᠣᠯᠣᠨ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠴᠢᠩᠭᠠᠳᠬᠠᠬᠤ ᠶᠢ | ᠵᠣᠷᠢᠭᠰᠠᠨ ᠪᠠᠶᠢᠨ᠎ᠠ᠃ | ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ | ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ | ᠺᠠᠳ᠋ᠷᠴᠤᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ | ᠬᠤᠷᠠᠯ ᠤᠨ ︽ᠲᠣᠭᠲᠠᠭᠠᠯ︾ ᠢ ᠰᠣᠷᠣᠯᠴᠠᠬᠤ ᠬᠠᠪᠰᠤᠷᠤᠨ ᠵᠢᠯᠤᠭᠤᠳᠬᠤ ᠵᠠᠭᠤᠨ ᠠᠰᠠᠭᠤᠯᠲᠠ ᠵᠡᠷᠭᠡ ᠠᠭᠤᠯᠭ᠎ᠠ | ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠵᠡᠷᠭᠡ ᠳᠤ ︽ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠬᠤᠯᠠᠴᠢᠯᠠᠨ ᠪᠠᠳᠠᠷᠠᠭᠤᠯᠬᠤ︾ ︽ᠥᠭᠡᠷᠡᠴᠢᠯᠡᠯᠲᠡ | ᠶᠢᠨ ᠲᠤᠬᠠᠢ ᠨᠠᠮ ᠤᠨ ᠤᠳᠤᠷᠢᠳᠤᠯᠭ᠎ᠠ ᠶᠢ ᠴᠢᠬᠤᠯᠠᠴᠢᠯᠠᠨ ᠴᠢᠩᠭᠠᠳᠬᠠᠬᠤ︾ ᠵᠡᠷᠭᠡ ᠥᠪᠥᠷ ᠮᠣᠩᠭᠤᠯ ᠤᠨ | ᠺᠠᠳ᠋ᠷᠴᠤᠳ ᠤᠨ ᠰᠦᠯᠵᠢᠶᠡᠨ ᠤ ᠳᠡᠭᠡᠳᠦ ᠰᠤᠷᠭᠠᠭᠤᠯᠢ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠰᠢᠷᠢᠰ ᠬᠢᠴᠢᠶᠡᠯ ᠢ ᠰᠣᠷᠣᠯᠴᠠᠵᠤ᠂ ᠰᠤᠷᠤᠯᠴᠠᠯᠭ᠎ᠠ ᠪᠠᠷ ᠳᠡᠮᠵᠢᠨ | ᠂ ᠤᠷᠤᠭᠰᠢᠯᠠᠨ ᠳᠠᠪᠰᠢᠬᠤ ᠤᠬᠠᠮᠰᠠᠷ᠂ ᠠᠵᠠ ᠲᠣᠬᠢᠶᠠᠯ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠳᠬᠠᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠴᠢᠩᠭ᠎ᠠ ᠨᠢᠭᠡᠳᠭᠡᠬᠦ ᠶᠢ ᠱᠠᠭᠠᠷᠳᠠᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ᠨᠠᠮ ᠤᠨ ᠡᠭᠦᠷ᠂ | ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠡᠭᠦᠷ᠂ ᠪᠠᠶᠠᠰᠣᠯ ᠨᠠᠰᠤᠲᠠᠶᠢᠴᠤᠳ ᠲᠤ ᠦᠢᠯᠡᠴᠢᠯᠡᠬᠦ ᠲᠥᠪ ᠤᠨ | ᠨᠠᠮ ᠤᠨ ᠡᠭᠦᠷ ᠬᠠᠮᠲᠤᠷᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ | ︽ᠨᠢᠭᠡᠳᠦᠭᠡᠷ ᠵᠥᠪᠯᠡᠬᠦ ᠰᠡᠳᠦᠪ︾ ᠤᠨ ᠳᠦᠷᠢᠮ ᠢ ᠨᠠᠶᠢᠳᠠᠪᠤᠷᠢᠵᠢᠭᠤᠯᠬᠤ ᠶᠢᠨ ᠲᠤᠰᠠᠳᠠ ︽ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠲᠣᠭᠲᠠᠭᠠᠯ︾ ᠤᠨ ᠲᠣᠳᠣᠷᠬᠠᠶᠢᠯᠠᠯᠲᠠ ᠶᠢ ᠭᠦᠨᠵᠡᠭᠡᠢ ᠰᠣᠷᠣᠯᠴᠠᠵᠤ᠂ ᠲᠤᠬᠠᠶᠢᠯᠠᠭᠰᠠᠨ ᠠᠵᠢᠯ ᠤᠨ | ᠰᠤᠷᠤᠯᠴᠠᠯᠭ᠎ᠠ ᠶᠢ ᠴᠢᠩᠭᠠᠳᠬᠠᠬᠤ ᠶᠢᠨ ᠲᠥᠯᠥᠭᠡ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠰᠢ ᠶᠢᠨ | ᠫᠢᠩ ᠶᠡᠷᠦᠩᠬᠡᠢ ᠱᠦᠵᠢ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠳᠠᠭᠠᠭᠤᠯᠤᠨ ᠰᠤᠷᠤᠯᠴᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠤᠨᠤᠯ ᠤᠨ ᠰᠠᠭᠤᠷᠢ ᠬᠠᠩᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠤᠨ ᠮᠡᠳᠡᠪᠡᠰᠦ ᠵᠣᠬᠢᠬᠤ ᠮᠡᠳᠡᠯᠭᠡ ᠶᠢᠨ ᠲᠤᠰᠬᠠᠢ ᠰᠡᠳᠦᠪᠲᠦ ᠰᠢᠯᠭᠠᠯᠲᠠ ᠪᠠᠷ | ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠵᠣᠷᠢᠭ ᠰᠠᠨᠠᠭ᠎ᠠ ᠶᠢ ᠰᠤᠷᠤᠯᠴᠠᠵᠤ᠂ | ᠦᠵᠡᠯ ᠰᠠᠨᠠᠭ᠎ᠠ ᠶᠢ ᠣᠶᠢᠯᠠᠭᠠᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠠᠷᠠᠳ ᠤᠨ ᠶᠠᠪᠤᠳᠠᠯ ᠤᠨ | ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠣᠣᠱᠯᠠᠭᠤᠯᠤᠨ ᠨᠠᠶᠢᠳᠠᠪᠤᠷᠢᠵᠢᠭᠤᠯᠵᠠᠢ᠃ | ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠪᠠᠶᠢᠭᠤᠯᠤᠯᠭ᠎ᠠ ᠨᠢᠭᠡᠴᠡ ᠨᠢ ᠭᠤᠣᠯ ᠰᠡᠳᠦᠪᠲᠦ ᠨᠠᠮ ᠤᠨ | ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠢ | ᠣᠶᠢᠯᠠᠭᠠᠯᠲᠠ ᠪᠠ ᠡᠵᠡᠮᠰᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠲᠤᠬᠠᠢ ᠶᠢᠨ ᠭᠠᠵᠠᠷ ᠲᠠᠬᠢ ᠦᠢᠯᠡᠳᠦᠯᠭᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ |