ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠰᠢᠭᠤ ᠲᠠᠰ ‍ᠤᠨ‌ᠤᠬᠠᠭᠤᠯᠤᠨ ᠲᠠᠶᠢᠯᠪᠤᠷᠢᠯᠠᠬᠤ ᠪᠦᠯᠬᠦᠮ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠳᠤ ᠤᠬᠠᠭᠤᠯᠤᠨ ᠲᠠᠶᠢᠯᠪᠤᠷᠢᠯᠠᠯᠲᠠ ᠬᠢᠪᠡ
ᠨᠡᠶᠢᠲᠡᠯᠡᠭᠰᠡᠨ ᠴᠠᠭ᠄
2024/9/18
   ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠤᠰᠠᠳᠠ᠂ 9 ᠰᠠᠷ᠎ᠠ ᠶᠢᠨ 11 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠤᠰᠢᠭᠤ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠳᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠦ᠂ ᠬᠤᠰᠢᠭᠤ ᠲᠠᠰ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠸᠧᠢ ᠭᠦᠸᠧ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠬᠤᠰᠢᠭᠤ ᠰᠢᠭᠤᠳ ᠬᠠᠷᠢᠶ᠎ᠠ ᠡᠮᠴᠢᠯᠡᠭᠡ ᠡᠷᠡᠭᠦᠯ ᠬᠠᠮᠠᠭᠠᠯᠠᠯ  ᠤᠨ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠨᠠᠮ ᠤᠨ ᠭᠡᠰᠢᠭᠦᠨ ᠨᠡᠶᠢᠲᠡ 70 ᠭᠠᠷᠤᠢ ᠬᠥᠮᠥᠨ ᠬᠤᠷᠠᠯ ᠳᠤ ᠣᠷᠣᠯᠴᠠᠵᠠᠢ᠃    ᠬᠤᠷᠠᠯ ᠳᠤ᠂ ᠸᠧᠢ ᠭᠦᠸᠧ ᠨᠥᠬᠦᠷ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ︾ ᠪᠠᠷ ᠭᠤᠣᠯ ᠰᠡᠳᠦᠪ ᠪᠣᠯᠭᠠᠨ᠂ ᠪᠦᠭᠦᠳᠡ ᠬᠤᠷᠠᠯ ᠤᠨ ᠲᠡᠦᠬᠡᠨ ᠪᠠᠶᠢᠷᠢ ᠰᠠᠭᠤᠷᠢ ᠪᠣᠯᠣᠨ ᠴᠠᠭ ᠦᠶ᠎ᠡ ᠶᠢᠨ ᠠᠴᠢ ᠬᠤᠯᠪᠣᠭᠳᠠᠯ  ᠢ ᠭᠦᠨᠵᠡᠭᠡᠢ ᠲᠠᠨᠢᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠵᠢᠯᠤᠭᠤᠳᠬᠤ ᠦᠵᠡᠯ ᠰᠠᠨᠠᠭ᠎ᠠ ᠪᠣᠯᠣᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠬᠤᠯᠠ ᠠᠷᠭ᠎ᠠ ᠬᠡᠮᠵᠢᠶ᠎ᠡ ᠶᠢ ᠣᠨᠣᠪᠴᠢᠲᠠᠶ ᠡᠵᠡᠮᠰᠢᠬᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠵᠡᠷᠭᠡ ᠳᠥᠷᠪᠡᠨ ᠲᠠᠯ᠎ᠠ ᠠᠴᠠ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠰᠢᠰᠲ᠋ᠧᠮ ᠲᠠᠢ ᠭᠦᠨᠵᠡᠭᠡᠢ ᠲᠠᠶᠢᠯᠪᠤᠷᠢᠯᠠᠭᠰᠠᠨ ᠪᠥᠭᠡᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠤ ᠬᠤᠯᠪᠣᠭᠳᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ  ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠮᠥᠨ ᠠᠮᠠ ᠶᠢᠨ ᠬᠥᠭᠵᠢᠯᠲᠡ ᠶᠢ ᠳᠡᠮᠵᠢᠬᠦ ᠪᠠ ᠦᠢᠯᠡᠴᠢᠯᠡᠬᠦ ᠰᠢᠰᠲ᠋ᠧᠮ ᠢ ᠪᠦᠷᠢᠨᠰᠢᠭᠦᠯᠬᠦ ᠲᠤᠬᠠᠢ ᠲᠠᠶᠢᠯᠤᠮᠵᠢ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠤᠱᠯᠠᠭᠤᠯᠬᠤ ᠪᠣᠯ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠡᠯ᠎ᠡ ᠵᠦᠢᠯ  ᠤᠨ ᠠᠵᠢᠯ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠠᠷᠠᠭᠤᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号