ᠣᠶᠢᠷ᠎ᠠ ᠳᠤ᠂ ᠰᠤᠷᠪᠤᠯᠵᠢᠯᠠᠭᠴᠢ ᠪᠦᠬᠦ ᠠᠶᠢᠮᠠᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ | ᠵᠢᠯ ᠠᠴᠠ ᠨᠠᠭᠠᠰᠢ᠂ ᠮᠠᠨ ᠤ ᠠᠶᠢᠮᠠᠭ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠨᠠᠷᠢᠨ ᠨᠢᠮᠪᠠᠢ | ᠰᠤᠳᠤᠯᠵᠤ᠂ ᠲᠦᠷᠦ ᠶᠢᠨ ᠪᠣᠳᠣᠯᠭ᠎ᠠ ᠶᠢ ᠤᠨᠤᠪᠴᠢᠳᠠᠢ ᠬᠡᠷᠡᠭᠵᠢᠭᠦᠯᠦᠨ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠠᠢ᠃ | ᠡᠨᠡ ᠵᠢᠯ ᠠᠴᠠ ᠨᠠᠭᠠᠰᠢ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠵᠤ | ᠠᠬᠤᠶᠢᠯᠠᠯ ᠳᠤ ᠦᠢᠯᠡᠴᠢᠯᠡᠬᠦ ᠲᠤᠰᠬᠠᠢ ᠲᠣᠭᠤᠷᠢᠭ ᠭᠠᠷᠭᠠᠵᠤ᠂ ᠠᠵᠤ ᠠᠬᠤᠶᠢᠯᠠᠯ ᠳᠤ ᠬᠤᠯᠪᠣᠭᠳᠠᠬᠤ ᠵᠦᠢᠯᠡᠰ ᠢ | ᠨᠢᠭᠡ ᠯᠡ ᠭᠠᠵᠠᠷ ᠲᠤ ᠭᠦᠢᠴᠡᠳᠬᠡᠬᠦ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ ᠮᠠᠨ ᠤ ᠠᠶᠢᠮᠠᠭ ᠠᠷᠠᠳ ᠤᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠪᠠ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ | ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠪᠠᠩᠬᠢ ᠪᠣᠯᠣᠨ ᠮᠧᠩ ᠱᠠᠩ ᠪᠠᠩᠬᠢ ᠠᠴᠠ ᠠᠵᠤ | ᠠᠬᠤᠶᠢᠯᠠᠯ ᠳᠤ ᠨᠡᠶᠢᠲᠡ 3572 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ ᠪᠥᠬᠦ ᠠᠶᠢᠮᠠᠭ ᠤᠨ ᠲᠦᠭᠡᠮᠡᠯ | ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 246 ᠳ᠋ᠦᠩᠰᠢᠭᠤᠷ | ᠲᠥᠭᠦᠷᠢᠭ ᠲᠤ ᠬᠦᠷᠴᠡᠢ᠃ ᠡᠭᠦᠨ ᠤ ᠬᠠᠮᠲᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠡᠯᠡ | ᠲᠣᠬᠢᠷᠠᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠢᠲᠡᠭᠡᠮᠵᠢᠲᠦ ᠵᠢᠭᠡᠯᠡᠯᠭᠡ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠪᠥᠬᠦ | ᠠᠶᠢᠮᠠᠭ ᠤᠨ ᠬᠢᠨ 1.71 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠲᠠᠯᠪᠢᠵᠠᠢ᠃ ᠠᠵᠢᠯ ᠣᠯᠭᠤᠯᠲᠠ | ᠪᠠ ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ 448 ᠬᠥᠮᠥᠨ ᠬᠡᠷᠡᠭᠯᠡᠬᠦ | ᠨᠢᠭᠡᠴᠢ ᠳᠤ 834 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠡᠯᠡ ᠮᠥᠩᠭᠦ | ᠲᠠᠷᠬᠠᠭᠠᠪᠠ᠃ | ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠥᠬᠦ ᠠᠶᠢᠮᠠᠭ ᠤᠨ ᠠᠷᠠᠳ ᠤᠨ ᠡᠶᠡᠳᠡᠭᠦᠯᠬᠦ ᠵᠣᠬᠢᠶᠠᠨ | ᠪᠠᠶᠢᠭᠤᠯᠤᠯᠲᠠ ᠠᠴᠠ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠢ 6080 ᠬᠤᠪᠢ ᠡᠶᠡᠳᠡᠭᠦᠯᠵᠦ᠂ ᠡᠭᠦᠨ ᠳᠤ | ᠠᠵᠤ ᠠᠬᠤᠶᠢᠯᠠᠯ ᠳᠤ ᠬᠤᠯᠪᠣᠭᠳᠠᠭᠰᠠᠨ ᠵᠠᠭᠤᠷᠠᠯᠳᠤᠭᠠᠨ ᠢ 1206 ᠬᠤᠪᠢ ᠡᠶᠡᠳᠡᠭᠦᠯᠵᠡᠢ᠃ ᠰᠦᠯᠵᠢᠶᠡᠨ ᠳᠡᠭᠡᠷ᠎ᠡ | ᠪᠠ ᠰᠦᠯᠵᠢᠶᠡᠨ ᠭᠠᠳᠠᠨ᠎ᠠ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡ ᠶᠢ ᠨᠡᠭᠡᠭᠡᠵᠦ᠂ ᠰᠦᠯᠵᠢᠶᠡᠨ ᠳᠡᠭᠡᠷ᠎ᠡ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠲᠤᠰᠬᠠᠢ ᠬᠠᠯᠠᠮ ᠤᠲᠠᠰᠤ ᠲᠣᠬᠢᠷᠠᠭᠤᠯᠤᠨ᠂ ᠰᠦᠯᠵᠢᠶᠡᠨ ᠭᠠᠳᠠᠨ᠎ᠠ ᠡᠯ᠎ᠡ ᠬᠤᠰᠢᠭᠤ ᠰᠢᠶᠠᠨ ᠬᠤᠲᠠ ︵ᠣᠷᠣᠨ︶ | ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠢᠩᠬᠢᠮ ᠳᠤ ︽ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠳᠤ ᠦᠢᠯᠡᠴᠢᠯᠡᠬᠦ︾ ᠴᠣᠩᠬᠤᠪᠴᠢ ᠭᠠᠷᠭᠠᠵᠤ᠂ ᠣᠳᠣᠬᠠᠨ ᠪᠣᠯᠲᠠᠯ᠎ᠠ᠂ ᠠᠵᠤ ᠠᠬᠤᠶᠢᠯᠠᠯ ᠳᠤ | ᠬᠤᠯᠪᠣᠭᠳᠠᠭᠰᠠᠨ 162 ᠬᠡᠷᠡᠭ ᠢ ᠭᠥᠯᠢᠶᠡᠨ ᠠᠪᠴᠤ ᠰᠢᠢᠳᠪᠦᠷᠢᠯᠡᠵᠡᠢ᠃ | ᠮᠠᠨ ᠤ ᠠᠶᠢᠮᠠᠭ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︿ᠪᠦᠰᠡᠯᠡᠯᠲᠡ ᠰᠢᠪᠲᠤᠯᠬᠤ﹀ | ᠢᠨᠵᠧᠨᠧᠷᠢᠩ ᠤᠨ 2024 ᠣᠨ ᠤ ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ | ᠲᠠᠰ ᠵᠢᠴᠢ ᠲᠡᠭᠦᠨ ᠠᠴᠠ ᠳᠡᠭᠡᠭᠰᠢᠬᠢ ᠡᠯ᠎ᠡ ᠲᠦᠷᠦᠯ ᠤᠨ 67 ᠲᠥᠷᠥᠯ ᠵᠦᠢᠯ ᠢ ᠡᠷᠡᠮᠡᠯᠵᠡᠨ ᠣᠯᠵᠤ᠂ 3478.5 | ᠲᠦᠮᠡᠨ ᠲᠥᠭᠦᠷᠢᠭ ᠤᠨ ᠳᠡᠮᠵᠢᠯᠭᠡ ᠶᠢᠨ ᠪᠡᠯᠡ ᠮᠥᠩᠭᠦ ᠣᠯᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ | ᠠᠬᠤᠶᠢᠯᠠᠯ ᠤᠨ ᠨᠠᠷᠠᠲᠤ ᠲᠡᠮᠳᠡᠭ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠣᠳᠣᠬᠠᠨ ᠳᠤ ᠮᠠᠨ ᠤ | ᠠᠶᠢᠮᠠᠭ ᠤᠨ 3 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ᠂ 19 ᠠᠵᠤ ᠠᠬᠤᠶᠢᠯᠠᠯ ᠤᠨ | ᠨᠠᠷᠠᠲᠤ ᠲᠡᠮᠳᠡᠭ᠂ 11 ᠪᠦᠲᠦᠭᠡᠭᠳᠡᠬᠦᠨ ᠤ ᠨᠠᠷᠠᠲᠤ ᠲᠡᠮᠳᠡᠭ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ᠶᠢᠨ ᠨᠠᠷᠠᠲᠤ ᠲᠡᠮᠳᠡᠭ ᠤᠨ ᠭᠠᠷᠴᠠᠭ ᠲᠤ ᠰᠣᠩᠭᠤᠭᠳᠠᠨ ᠣᠷᠣᠵᠠᠢ᠃ | ᠬᠤᠳᠠᠯᠳᠤᠭᠠᠨ ᠤ ᠠᠵᠤ ᠠᠬᠤᠶᠢᠯᠠᠯ ᠤᠨ ᠬᠠᠷᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠬᠢᠨᠠᠯᠲᠠ ᠲᠠᠯᠪᠢᠬᠤ | ᠪᠠ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠲᠣᠭᠲᠠᠴᠠ ᠶᠢᠨ ᠰᠢᠨ᠎ᠡ ᠶᠢ ᠡᠭᠦᠳᠬᠦ ᠶᠢᠨ ᠲᠤᠰᠠᠳᠠ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠪᠥᠬᠦ ᠠᠶᠢᠮᠠᠭ ᠤᠨ ᠬᠡᠪᠴᠢᠶᠡᠨ ᠳᠤ 50 ᠡᠵᠡᠩᠨᠡᠯᠲᠡ ᠶᠢᠨ ᠭᠤᠣᠯ ᠴᠣᠭᠴᠠ ᠶᠢ | ᠬᠢᠨᠠᠨ ᠬᠡᠮᠵᠢᠬᠦ ᠴᠡᠭ ᠢᠶᠠᠷ ᠲᠣᠭᠲᠠᠭᠠᠵᠤ᠂ ᠣᠯᠠᠨ ᠲᠠᠯ᠎ᠠ ᠶᠢᠨ ᠬᠢᠨ ᠣᠷᠣᠯᠴᠠᠬᠤ ᠲᠣᠭᠲᠠᠴᠠ ᠶᠢ ᠪᠠᠶᠢᠭᠤᠯᠤᠨ᠂ | ᠦᠢᠯᠡᠴᠢᠯᠡᠭᠡᠨ ᠤ ᠬᠠᠯᠠᠮ ᠤᠲᠠᠰᠤ ᠵᠢᠴᠢ ᠨᠡᠶᠢᠭᠡᠮ ᠤᠨ ᠬᠢᠨᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠡᠵᠡᠩᠨᠡᠯᠲᠡ ᠶᠢᠨ ᠭᠤᠣᠯ ᠴᠣᠭᠴᠠ ᠶᠢᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠦᠨᠡᠨ ᠬᠦ | ᠪᠠᠲᠤᠯᠠᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮ | ᠤᠲᠠᠰᠤᠨ ᠳᠤ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠤᠲᠠᠰᠤ 6 ᠶᠢ ᠲᠣᠬᠢᠷᠠᠭᠤᠯᠵᠤ᠂ ᠲᠥᠷᠥ ᠶᠢᠨ | ᠪᠣᠳᠣᠯᠭ᠎ᠠ ᠶᠢᠨ ᠲᠤᠰᠬᠠᠢ ᠲᠤᠰᠢᠶᠠᠯᠲᠠᠨ ᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠬᠤ ᠶᠢᠨ ᠬᠠᠮᠲᠤ ᠠᠵᠤ | ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠠᠵᠤ ᠠᠬᠤᠶᠢᠯᠠᠯ ᠳᠤ ︽7 | × 24 ×ᠴᠠᠭ ᠤᠨ ᠰᠦᠯᠵᠢᠶᠡᠨ ᠳᠡᠭᠡᠷᠡᠬᠢ ᠦᠢᠯᠡᠴᠢᠯᠡᠭᠡ︾ ᠬᠠᠩᠭᠠᠪᠠ᠃ |