ᠡᠯᠪᠡᠭ ᠬᠤᠷᠢᠶᠠᠯᠲᠠ ᠶᠢᠨ ᠪᠠᠶᠠᠷ ᠢᠶᠠᠷ ᠬᠠᠶᠢᠷ᠎ᠠ ᠬᠠᠯᠠᠮᠵᠢ ᠬᠥᠷᠭᠡᠨ᠎ᠡ
ᠨᠡᠶᠢᠲᠡᠯᠡᠭᠰᠡᠨ ᠴᠠᠭ᠄
2024/9/19
 9 ᠰᠠᠷ᠎ᠠ ᠶᠢᠨ 17  ᠤ ᠡᠳᠦᠷ  ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠨᠢ ᠳ᠋ᠢ ᠺᠧ ᠯᠥᠩ ᠬᠡᠳᠦ ᠳᠡᠯᠭᠡᠭᠦᠷ ᠲᠠᠢ ᠬᠠᠮᠲᠤᠷᠠᠨ ᠲᠤᠬᠢᠨᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ᠠᠯᠢ ᠤᠯᠠᠨ ᠪᠠᠶᠠᠷ ᠳᠤᠷᠠᠰᠬᠠᠯ ᠤᠨ ᠡᠳᠦᠷ  ᠤᠳ ᠲᠤ᠂  ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠨᠢ ᠠᠵᠢᠯ ᠤᠨ ᠪᠠᠶᠢᠷᠢ ᠪᠠᠨ ᠪᠠᠲᠤ ᠰᠠᠬᠢᠨ ᠬᠠᠲᠠᠭᠤᠵᠢᠯᠲᠠᠢ ᠠᠵᠢᠯᠯᠠᠵᠤ  ᠂  ᠬᠤᠳᠠ ᠶᠢᠨ ᠠᠷᠢᠭᠤᠨ ᠴᠡᠪᠡᠷ ᠳᠡᠷᠢ ᠲᠡᠭᠰᠢ ᠪᠠᠶᠢᠬᠤ ᠶᠢ ᠪᠠᠲᠤᠯᠠᠵᠤ᠂ ᠬᠦᠮᠦᠰ ᠲᠤ ᠴᠡᠪᠡᠷ ᠲᠠᠭᠠᠯᠠᠮᠵᠢᠲᠠᠢ ᠣᠷᠴᠢᠨ ᠲᠤᠭᠤᠷᠢᠨ ᠢ  ᠬᠠᠩᠭᠠᠳᠠᠭ  ᠃  
    ᠡᠯᠪᠡᠭ ᠬᠤᠷᠢᠶᠠᠯᠲᠠ ᠶᠢᠨ ᠪᠠᠶᠠᠷ ᠢᠶᠠᠷ᠂ ᠡᠳᠡᠭᠡᠷ ᠬᠥᠳᠡᠯᠮᠦᠷᠢᠴᠢᠨ ᠠᠷᠠᠳ ᠲᠤ ᠴᠢᠩ ᠰᠡᠳᠬᠢᠯ ᠤᠨ ᠬᠦᠨᠳᠦᠳᠬᠡᠯ ᠪᠠ ᠪᠠᠶᠠᠷ ᠤᠨ ᠡᠳᠦᠷ ᠤᠨ ᠢᠷᠦᠭᠡᠯ ᠵᠥᠩᠨᠡᠯ ᠢᠶᠠᠨ ᠢᠯᠡᠳᠬᠡᠬᠦ ᠶᠢᠨ ᠲᠣᠰᠠᠳᠠ᠂ ᠪᠠᠷᠠᠭᠤᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠨᠢ ᠳ᠋ᠢ ᠺᠧ ᠯᠥᠩ ᠬᠡᠳᠦ ᠳᠡᠯᠭᠡᠭᠦᠷ ᠲᠠᠢ ᠬᠠᠮᠲᠤᠷᠠᠨ᠂ 81 ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠳᠤ 12000 ᠭᠠᠷᠤᠢ ᠲᠥᠭᠦᠷᠢᠭ ᠤᠨ ᠦᠨ᠎ᠡ ᠦᠷᠳᠡᠭ ᠪᠦᠬᠦᠢ ᠪᠡᠯᠡᠭ ᠤᠨ ᠪᠣᠳᠠᠰ ᠬᠥᠷᠭᠡᠪᠡ  ᠃      ᠡᠨᠡᠬᠦ ᠬᠠᠶᠢᠷ᠎ᠠ ᠬᠠᠯᠠᠮᠵᠢ  ᠶᠢᠨ ᠠᠵᠢᠯᠯᠠᠭ᠎ᠠ ᠨᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ  ᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠪᠠ ᠬᠦᠨᠳᠦᠳᠬᠡᠯ ᠲᠠᠯᠠᠷᠬᠠᠯ ᠢ ᠬᠦᠷᠭᠡᠵᠦ  ᠂ ᠬᠥᠳᠡᠯᠮᠦᠷᠢ ᠶᠢ ᠬᠥᠨᠳᠦᠳᠭᠡᠵᠦ ᠬᠥᠳᠡᠯᠮᠦᠷᠢᠴᠢᠳ ᠢ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号