9 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠯᠦ ᠬᠠᠶ ᠴᠢᠩ ᠴᠢᠤᠸᠠᠨ ᠲᠠᠷᠢᠶᠠᠯᠠᠩ ᠮᠠᠯ ᠠᠵᠤ | ᠠᠬᠤᠶ ᠶᠢᠨ ᠬᠢᠵᠠᠭᠠᠷᠲᠤ ᠺᠣᠮᠫᠠᠨᠢ ᠠᠴᠠ ᠭᠤᠤᠯᠯᠠᠨᠡᠷᠭᠢᠯᠡᠵᠦ᠂ ᠥᠪᠥᠷ ᠮᠣᠩᠭᠤᠯ ᠤᠨ ᠴᠢᠨ ᠢ ᠰᠣᠶᠣᠯ | ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠭᠢᠯᠡᠵᠦ᠂ ᠪᠡᠭᠡᠵᠢᠩ ᠤᠨ ᠠᠳᠤᠭᠤᠴᠢᠨ | ᠬᠡᠭᠡᠷ᠎ᠡ ᠶᠢᠨ ᠠᠶᠠᠯᠠᠯ ᠤᠨ ᠺᠯᠦ᠋ᠪ ᠢᠶᠠᠷ ᠬᠠᠮᠲᠤᠷᠠᠯᠴᠠᠭᠠᠨ ᠤ ᠲᠠᠯ᠎ᠠ ᠪᠤᠯᠭᠠᠭᠰᠠᠨ ︽ᠪᠠᠷᠠᠭᠤᠨ ᠦᠵᠦᠮᠦᠴᠢᠨ ᠤ | ᠴᠠᠭᠠᠨ ᠮᠣᠷᠢ ᠶᠢ ᠬᠠᠶᠢᠬᠤ︾ ᠲᠠᠯ᠎ᠠ ᠨᠤᠲᠤᠭ ᠤᠨ ︽99 ᠨᠣᠮᠧᠷᠲᠤ︾ ᠵᠠᠮ ᠤᠨ ᠬᠡᠭᠡᠷ᠎ᠡ ᠶᠢᠨ ᠠᠶᠠᠯᠠᠯ | ᠤᠨᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠠᠪᠤᠭᠳᠠᠵᠦ᠂ ᠪᠠᠷᠠᠭᠤᠨ ᠦᠵᠦᠮᠦᠴᠢᠨ ᠬᠤᠰᠢᠭᠤᠨ ᠤ ᠨᠠᠮᠤᠷ ᠤᠨ | ᠤᠯᠠᠷᠢᠯ ᠤᠨ ᠵᠢᠭᠤᠯᠴᠢᠯᠠᠯ ᠳᠤ ᠬᠦᠭᠵᠢᠶᠡᠨᠨᠡᠮᠡᠷᠢᠯᠡᠪᠡ᠃ | | | ᠠᠵᠢᠯᠯᠠᠭ᠎ᠠ ᠳᠤ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 100 ᠭᠠᠷᠤᠶ ᠬᠡᠭᠡᠷ᠎ᠡ ᠶᠢᠨ ᠠᠶᠠᠯᠠᠯ ᠤᠨ | ᠪᠠᠭ᠋ᠠᠳᠠᠳ ᠨᠢ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ︽99 ᠨᠣᠮᠧᠷᠲᠤ︾ ᠵᠠᠰᠠᠮᠠᠯ ᠵᠠᠮ ᠤᠨ | ᠡᠬᠢᠯᠡᠯᠲᠡ ᠶᠢᠨ ᠴᠡᠭ ᠠᠴᠠ ᠮᠤᠷᠳᠠᠵᠦ᠂ ᠰᠡᠷᠭᠦᠯᠡᠩ ᠬᠠᠷᠠᠭᠠᠲᠤ ᠠᠭᠤᠯᠠ᠂ ᠮᠣᠩᠭᠤᠯ ᠬᠠᠨ ᠬᠤᠳᠠ᠂ ᠶᠤᠯᠥ | ᠬᠠᠶᠢᠷᠬᠠᠨ ᠵᠡᠷᠭᠡ ᠤᠯᠠᠨ ᠦᠵᠡᠮᠵᠢ ᠶᠢᠨ ᠣᠷᠣᠨ ᠢᠶᠠᠷ ᠥᠩᠭᠡᠷᠡᠵᠦ᠂ ᠵᠠᠮ ᠲᠠᠭᠠᠤ ᠦᠵᠦᠮᠦᠴᠢᠨ ᠤ ᠲᠠᠯ᠎ᠠ | ᠨᠤᠲᠤᠭ ᠤᠨᠨᠠᠮᠤᠷ ᠤᠨ ᠤᠯᠠᠷᠢᠯ ᠤᠨ ᠰᠦᠷᠯᠢᠭ ᠰᠠᠶᠢᠬᠠᠨ ᠦᠵᠡᠮᠵᠢ ᠶᠢ ᠰᠤᠨᠢᠷᠬᠠᠯ᠎ᠠ᠃ | ᠣᠶᠢᠯᠠᠭᠠᠭᠰᠠᠨ ᠢᠶᠠᠷ ᠂ ᠲᠤᠰ ᠤᠳᠠᠭᠠᠨ ᠤ ᠠᠵᠢᠯᠯᠠᠭ᠎ᠠ ᠨᠢ 2 ᠡᠳᠦᠷ ᠤᠨ ᠬᠤᠭᠤᠴᠠᠭ᠎ᠠ ᠲᠠᠢ ᠶᠠᠪᠤᠭᠳᠠᠵᠦ᠂ | ᠬᠦᠳᠡᠯᠭᠡᠭᠡᠨ ᠳᠤ ᠣᠷᠣᠯᠴᠠᠭᠰᠠᠳ ᠲᠠᠯ᠎ᠠ ᠨᠤᠲᠤᠭ ᠤᠨ ︽99 ᠨᠣᠮᠧᠷᠲᠤ ︾ ᠵᠠᠰᠠᠮᠠᠯ ᠵᠠᠮ ᠢ ᠲᠤᠭᠤᠯᠬᠤ ᠠᠴᠠ | ᠭᠠᠳᠠᠨ᠎ᠠ᠂ ᠪᠠᠰᠠ ︽ᠳᠤᠮᠳᠠᠳᠤ ᠤᠯᠤᠰ ᠤᠨ ᠴᠠᠭᠠᠨ ᠠᠳᠤᠭᠤᠨ ᠤ ᠥᠯᠥᠭᠡᠢ︾ ᠶᠢᠨ ᠲᠦᠮᠡᠨ ᠠᠭᠲᠠ ᠶᠢᠨ | ᠲᠦᠪᠡᠷᠭᠡᠨ ᠤ ᠰᠦᠷ ᠵᠢᠪᠬᠤᠯᠠᠩᠲᠤ ᠦᠵᠡᠮᠵᠢ ᠶᠢ ᠰᠤᠨᠢᠷᠬᠠᠬᠤ ᠪᠠ ᠲᠠᠯ᠎ᠠ ᠨᠤᠲᠤᠭ ᠤᠨ ᠠᠮᠲᠠᠲᠤ ᠰᠠᠷᠬᠤᠳ ᠢ | ᠠᠮᠲᠠᠯᠠᠵᠤ᠂ ᠭᠤᠶᠢᠳᠠ ᠰᠠᠶᠢᠬᠠᠨ ᠲᠠᠭᠤᠤ ᠪᠥᠵᠢᠭ ᠤᠨ ᠲᠣᠭᠯᠠᠯᠲᠠ ᠶᠢ ᠰᠤᠨᠢᠷᠬᠠᠬᠤ ᠪᠤᠯᠥᠨ᠎ᠠ᠃ | | ᠠᠳᠤᠭᠤᠴᠢᠨ ᠬᠡᠭᠡᠷ᠎ᠡ ᠶᠢᠨ ᠠᠶᠠᠯᠠᠯ ᠤᠨ ᠺᠯᠦ᠋ᠪ ᠤᠨ ᠡᠭᠦᠰᠭᠡᠨ ᠪᠠᠶᠢᠭᠤᠯᠤᠭᠴᠢ ᠯᠢᠦ ᠳ᠋ᠦᠩ ᠱᠧᠩ: ︽ | ᠪᠠᠷᠠᠭᠤᠨ ᠦᠵᠦᠮᠦᠴᠢᠨ ᠬᠤᠰᠢᠭᠤᠨ ᠤ ᠨᠠᠮᠤᠷ ᠤᠨ ᠦᠵᠡᠮᠵᠢ ᠭᠤᠶᠤ ᠪᠠᠶᠢᠨ᠎ᠠ᠃ ᠪᠠᠷᠠᠭᠤᠨ ᠦᠵᠦᠮᠦᠴᠢᠨ | ᠬᠤᠰᠢᠭᠤᠨ ᠤ ᠲᠦᠷᠪᠡᠨ ᠤᠯᠠᠷᠢᠯ ᠤᠨ ᠦᠵᠡᠮᠵᠢ ᠮᠠᠰᠢ ᠭᠤᠶᠤᠮᠦ᠋ᠷᠳᠡᠭᠡᠨ ᠭᠡᠭᠡᠷ᠎ᠡ ᠶᠢᠨ ᠠᠶᠠᠯᠠᠯ ᠳᠤ ᠲᠤᠩ | ᠶᠡᠭᠡᠲ᠋ᠤᠬᠢᠷᠠᠳᠠᠭ᠂ ᠲᠤᠰ ᠤᠳᠠᠭᠠᠨ ᠤ ᠠᠵᠢᠯᠯᠠᠭ᠎ᠠ ᠳᠤ ᠤᠷᠤᠯᠴᠠᠭᠠᠳ ᠲᠤᠩ ᠶᠡᠭᠡ ᠪᠠᠶᠠᠷᠲᠠᠢ ᠪᠠᠶᠢᠨ᠎ᠠ︾ ᠭᠡᠯᠡ᠃ | | | |