ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ ᠯᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ  ᠠᠶᠤᠯᠭᠦᠢ ᠦᠢᠯᠡᠳᠪᠦᠷᠢᠯᠡᠯ‌ᠢᠳᠡᠭᠡᠨ ᠤ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠵᠡᠷᠭᠡ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/9/19
     9 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠣᠣ ᠯᠢᠨ ᠪᠠᠯᠭᠠᠷᠭᠤᠣᠯ ᠪᠠᠯᠭᠠᠰᠤᠨ ᠳᠤ ᠭᠦᠨᠵᠡᠭᠡᠶᠢᠷᠡᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃
    ᠪᠦᠦ ᠯᠢᠨ ᠨᠠᠷ ᠤᠷᠢᠳ ᠬᠤᠵᠢᠳ ᠠᠮᠢ ᠠᠬᠤᠢ ᠶᠢᠨ ᠴᠡᠴᠡᠷᠯᠢᠭ᠂ ᠦᠵᠦᠮᠦᠴᠢᠨ ᠰᠣᠶᠣᠯ ᠤᠨ ᠠᠭᠤᠳᠠᠮ ᠲᠠᠯᠠᠪᠠᠢ᠂ ᠪᠠᠯᠭᠠᠷ ᠨᠠᠭᠤᠷ ᠤᠨ ᠴᠡᠴᠡᠷᠯᠢᠭ᠂ ᠪᠠᠯᠭᠠᠷᠭᠤᠣᠯ ᠪᠠᠯᠭᠠᠰᠤᠨ ᠳᠤ ᠣᠷᠣᠬᠤ ᠭᠤᠣᠯ ᠵᠠᠮ ᠱᠤᠭᠤᠮ ᠵᠡᠷᠭᠡ ᠭᠠᠵᠠᠷ ᠲᠤ ᠬᠦᠷᠴᠦ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠳᠠᠷᠠᠭ᠎ᠠ ᠠᠯᠬᠤᠮ ᠤᠨ ᠭᠤᠣᠯᠳᠠᠯᠭ᠎ᠠ ᠲᠠᠢ ᠡᠭᠦᠷᠭᠡ ᠶᠢᠨ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ ᠴᠢᠬᠤᠯᠠᠴᠢᠯᠠᠭᠰᠠᠨ ᠨᠢ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠨᠢ ᠠᠷᠠᠳ ᠤᠨ ᠠᠮᠢᠳᠤᠷᠠᠯ ᠪᠠ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠪᠦᠬᠦ ᠲᠠᠯ᠎ᠠ ᠶᠢᠨ ᠬᠠᠷᠠᠭᠠᠰᠤ᠂ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ᠂ ᠬᠥᠭᠵᠢᠯᠲᠡ ᠶᠢᠨ ᠬᠠᠷᠠᠭᠠᠰᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠪᠠᠯᠭᠠᠰᠤᠨ ᠤ ᠴᠢᠳᠠᠪᠬᠢ ᠶᠢ ᠲᠦᠷᠭᠡᠨ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ ᠭᠡᠵᠡᠢ᠃
    ᠳ᠋ᠧ ᠺᠧ ᠯᠦᠩ ᠴᠠᠭ ᠦᠶ᠎ᠡ ᠶᠢᠨ ᠠᠭᠤᠳᠠᠮ ᠲᠠᠯᠠᠪᠠᠢ ᠳᠤ᠂ ᠪᠦᠦ ᠯᠢᠨ ᠠᠶᠤᠯᠭᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ ᠪᠣᠯᠣᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠪᠣᠯᠣᠨ ᠢᠳᠡᠭᠡᠨ ᠤ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠴᠢᠩᠭᠠᠳᠬᠠᠨ ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠠᠵᠢᠯ ᠤᠨ ᠬᠠᠮᠲᠤᠷᠠᠭᠰᠠᠨ ᠬᠦᠴᠦᠨ ᠢ ᠪᠦᠷᠢᠯᠳᠦᠭᠦᠯᠵᠦ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠶᠤᠯ ᠲᠦᠭᠰᠢᠭᠦᠷᠢ ᠬᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠭᠦᠨᠵᠡᠭᠡᠶᠢᠷᠡᠭᠦᠯᠦᠨ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠭᠠᠯ  ᠤᠨᠲᠠᠷᠠᠭᠠᠬᠤ  ᠪᠠ ᠢᠳᠡᠭᠡᠨ ᠤ  ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ ᠤᠳ ᠤᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠶᠢ ᠦᠷᠭᠦᠯᠵᠢᠯᠡᠨ ᠴᠢᠩᠭᠠᠷᠠᠭᠤᠯᠵᠤ᠂ ᠡᠯ᠎ᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠣᠯᠣᠨ ᠵᠠᠩᠭᠢᠯᠠᠭ᠎ᠠ ᠶᠢᠨ ᠭᠤᠭᠴᠣᠭᠠᠨ ᠤ ᠠᠶᠤᠯᠭᠦᠢ ᠶᠢᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠳᠬᠠᠨ᠂ ᠭᠠᠯ ᠤᠨᠲᠠᠷᠠᠭᠠᠵᠤ ᠠᠶᠤᠯ ᠠᠴᠠ ᠰᠡᠷᠭᠡᠶᠢᠯᠡᠬᠦ ᠪᠠ ᠢᠳᠡᠭᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠪᠠᠶᠠᠷ ᠳᠤᠷᠠᠰᠬᠠᠯ ᠤᠨ  ᠬᠤᠭᠤᠴᠠᠭᠠᠨ ᠳᠠᠬᠢ ᠠᠷᠠᠳ ᠤᠨ ᠠᠮᠢᠳᠤᠷᠠᠯ  ᠤᠨ ᠡᠳ᠋ ᠪᠣᠳᠠᠰ ᠢ ᠨᠥᠭᠡᠴᠡᠯᠡᠨ ᠲᠣᠬᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤ ᠪᠤᠳᠠᠭ᠎ᠠ᠂ ᠵᠢᠮᠢᠰ ᠨᠣᠭᠤᠭ᠎ᠠ ᠵᠡᠷᠭᠡ ᠡᠳᠦᠷ ᠲᠤᠲᠤᠮ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠠᠶᠠᠷ ᠪᠠᠶᠠᠰᠬᠤᠯᠠᠩ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠡᠦ ᠪᠣᠣ ᠫᠢᠩ᠂ ᠪᠠᠯᠭᠠᠷᠭᠤᠣᠯ ᠪᠠᠯᠭᠠᠰᠤᠨ ᠤ ᠭᠤᠣᠯ ᠬᠠᠷᠢᠭᠤᠴᠠᠯᠭᠠᠲᠠᠨ  ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号