ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠦᠵᠦᠮᠦᠴᠢᠨ ᠡᠯᠡᠰᠦ ᠶᠢ ᠵᠠᠰᠠᠬᠤ ᠣᠷᠣᠨ ᠤ ᠵᠠᠰᠠᠯᠲᠠ ᠶᠢᠨ ᠠᠵᠢᠯ ᠰᠢᠨ᠎ᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/9/19
      ᠣᠶᠢᠷ᠎ᠠ ᠶᠢᠨ ᠵᠢᠯ ᠳᠤ᠂ ᠪᠠᠷᠠᠭᠤᠨ ᠦᠵᠦᠮᠦᠴᠢᠨ ᠬᠤᠰᠢᠭᠤ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠡᠯᠡᠰᠦᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠤᠮᠠᠷᠠᠳᠤ ᠶᠢᠨ ᠭᠤᠷᠪᠠᠨ ᠣᠷᠣᠨ︾ ᠤ ᠭᠤᠣᠯᠳᠠᠯᠭ᠎ᠠ  ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠠᠮᠢ ᠠᠬᠤᠢ  ᠶᠢ ᠬᠠᠮᠠᠭᠠᠯᠠᠬᠤ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠦᠵᠦᠮᠦᠴᠢᠨ ᠡᠯᠡᠰᠦ ᠶᠢ ᠵᠠᠰᠠᠬᠤ ᠣᠷᠣᠨ ᠤ ᠡᠯᠡᠰᠦᠵᠢᠭᠰᠡᠨ ᠰᠢᠯᠲᠠᠭᠠᠨ ᠢ ᠭᠦᠢᠴᠡᠳ ᠵᠠᠳᠠᠯᠵᠤ᠂ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠵᠦᠮᠦᠴᠢᠨ ᠤ ᠡᠯᠡᠰᠦᠷᠬᠡᠭ ᠭᠠᠵᠠᠷ ᠤᠨ ᠡᠯᠡᠰᠦᠵᠢᠭᠰᠡᠨ ᠠᠴᠠ ᠪᠤᠢ ᠪᠣᠯᠤᠭᠰᠠᠨ ᠬᠦᠮᠦᠨ ᠤ ᠪᠠ ᠪᠠᠶᠢᠭᠠᠯᠢ ᠶᠢᠨ ᠬᠦᠴᠦᠨ ᠵᠦᠢᠯ ᠳᠤ ᠴᠢᠭᠯᠡᠭᠦᠯᠦᠨ᠂ ᠠᠮᠢ ᠠᠬᠤᠢ ᠶᠢ ᠰᠡᠷᠭᠦᠭᠡᠬᠦ ᠶᠢ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠲᠠᠢ ᠤᠶᠠᠯᠳᠤᠭᠤᠯᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ ᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠠᠢ ᠤᠶᠠᠯᠳᠤᠭᠤᠯᠤᠭᠰᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠡᠳᠬᠢᠴᠡ ᠶᠢ ᠳᠤᠷᠠᠳᠴᠤ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ  ᠪᠠᠬᠢᠵᠢᠭᠦᠯᠵᠤ ᠪᠤᠢ  ᠃      ᠣᠶᠢᠷ᠎ᠠ ᠳᠤ᠂ ᠰᠤᠷᠪᠤᠯᠵᠢᠯᠠᠭᠴᠢ ᠪᠠᠶᠠᠨᠬᠤᠸᠠ ᠪᠠᠯᠭᠠᠰᠤᠨ ᠤ ᠪᠠᠶ᠋ᠬᠠᠦ᠋ᠨᠳᠦᠷ ᠭᠠᠴᠠᠭᠠᠨ ᠳᠤ ᠬᠦᠷᠴᠦ᠂ ᠶᠡᠷᠦᠩᠬᠡᠢ ᠲᠠᠯᠠᠪᠠᠶ ᠨᠢ 1000 ᠮᠦ ᠣᠷᠴᠢᠮ ᠤᠨ ᠡᠯᠡᠰᠦᠷᠬᠡᠭ ᠭᠠᠵᠠᠷ ᠲᠤ ᠤᠷᠭᠤᠮᠠᠯ ᠤᠨ ᠬᠤᠴᠢᠯᠭ᠎ᠠ ᠶᠢᠨ ᠰᠢᠷ᠎ᠠ ᠪᠤᠷᠭᠠᠰᠤ ᠶᠢ ᠲᠡᠷᠢ ᠲᠡᠭᠰᠢ ᠲᠠᠷᠢᠭᠰᠠᠨ ᠢ ᠣᠯᠵᠣ ᠬᠠᠷᠠᠯ᠎ᠠ᠃ ᠬᠤᠰᠢᠭᠤ ᠣᠶ ᠰᠢᠭᠤᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠲᠠᠨ ᠤ ᠲᠠᠨᠢᠯᠴᠠᠭᠤᠯᠤᠭᠰᠠᠨ ᠢᠶᠠᠷ ︽ᠪᠠᠶ᠋ᠬᠠᠦ᠋ᠨᠳᠦᠷ ᠭᠠᠴᠠᠭᠠᠨ ᠤ ᠡᠨᠡ ᠬᠡᠰᠡᠭ ᠡᠯᠡᠰᠦᠷᠬᠡᠭ ᠭᠠᠵᠠᠷ ᠤᠨ ᠡᠮᠦᠨ᠎ᠡ ᠤᠮᠠᠷ᠎ᠠ ᠶᠢᠨ ᠣᠷᠳᠣ ᠨᠢ 2300 ᠮᠧᠲᠷ᠂ ᠵᠡᠭᠦᠨᠰᠢ ᠪᠠᠷᠠᠭᠤᠨᠰᠢ ᠥᠷᠭᠡᠨ ᠨᠢ ᠪᠠᠷᠤᠭ 300 ᠮᠧᠲᠷ  ᠪᠠᠶᠢᠵᠤ᠂ ᠣᠳᠣᠬᠠᠨ ᠳᠤ ᠡᠳᠡᠭᠡᠷ ᠰᠢᠷ᠎ᠠ ᠪᠣᠷᠭᠠᠰᠣᠨ ᠤ ᠣᠷᠳᠣ ᠨᠢ ᠪᠠᠷᠤᠭ 4 ᠮᠧᠲᠷ᠂ ᠭᠡᠰᠡᠭ ᠪᠦᠷᠢ ᠶᠢᠨ ᠲᠠᠯᠠᠪᠠᠶ ᠨᠢ ᠪᠠᠷᠤᠭ 16 ᠲᠡᠭᠰᠢ ᠳᠥᠷᠪᠡᠯᠵᠢᠨ ᠮᠧᠲᠷ  ᠪᠠᠶᠢᠵᠤ᠂ ᠡᠨᠡ ᠬᠠᠪᠤᠷ ᠤᠨ ᠲᠠᠷᠢᠭᠰᠠᠨ ᠰᠢᠷ᠎ᠠ ᠪᠤᠷᠭᠠᠰᠤ ᠨᠢ ᠢᠷᠡᠬᠦ ᠵᠢᠯ ᠳᠤ ᠪᠠᠷᠤᠭ ᠬᠠᠭᠠᠰ ᠮᠧᠲᠷ ᠥᠨᠳᠥᠷ ᠪᠣᠯᠵᠣ᠂ ᠢᠷᠡᠬᠦ ᠵᠢᠯ ᠠᠵᠢᠯ ᠡᠬᠢᠯᠡᠬᠦ ᠦᠶ᠎ᠡ ᠳᠤ ᠡᠳᠡᠭᠡᠷ ᠰᠢᠷ᠎ᠠ ᠪᠣᠷᠭᠠᠰᠣᠨ ᠤ ᠳᠣᠲᠣᠷ᠎ᠠ ᠵᠢᠵᠢᠭ ᠨᠠᠪᠴᠢᠲᠤ ᠬᠠᠷᠭᠠᠨ᠎ᠠ ᠳᠠᠷᠢᠨ᠎ᠠ᠂ ᠢᠩᠭᠢᠪᠡᠯ ᠶᠠᠭᠤᠨ ᠤ ᠡᠮᠦᠨ᠎ᠡ ᠡᠯᠡᠰᠦ ᠶᠢ ᠲᠣᠭᠲᠠᠪᠤᠷᠢᠵᠢᠭᠤᠯᠵᠤ᠂ ᠳᠠᠬᠢᠨ ᠨᠣᠭᠤᠭᠠᠷᠠᠭᠤᠯᠵᠣ  ᠴᠢᠳᠠᠨ᠎ᠠ︾ ᠭᠡᠯ᠎ᠡ᠃      ᠰᠣᠷᠪᠣᠯᠵᠢᠯᠠᠭᠴᠢ ᠪᠠᠶᠠᠨᠬᠤᠸᠠ ᠪᠠᠯᠭᠠᠰᠣᠨ ᠤ ᠠᠯᠳᠠᠨᠬᠢᠩᠭᠠᠨ ᠭᠠᠴᠠᠭᠠᠨ ᠤ ᠦᠵᠦᠮᠦᠴᠢᠨ ᠤ ᠡᠯᠡᠰᠦᠷᠬᠡᠭ ᠭᠠᠵᠠᠷ ᠢ ᠵᠠᠰᠠᠬᠤ ᠲᠣᠭᠤᠷᠢᠭ ᠲᠤ ᠬᠦᠷᠬᠦ ᠳᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠠᠮᠢ ᠠᠬᠤᠢ ᠶᠢᠨ ᠵᠢᠷᠤᠭ ᠬᠠᠷᠠᠭᠳᠠᠨ᠎ᠠ᠂ ᠡᠯᠡᠰᠦ ᠶᠢ ᠲᠣᠭᠲᠠᠪᠤᠷᠢᠵᠢᠭᠤᠯᠬᠤ ᠦᠢᠯᠡᠳᠦᠯ ᠲᠠᠢ ᠰᠢᠷ᠎ᠠ ᠪᠣᠷᠭᠠᠰᠣᠨ ᠤ ᠬᠠᠮᠤᠭ ᠥᠨᠳᠥᠷ ᠨᠢ 1.5 ᠮᠧᠲᠷ ᠥᠨᠳᠥᠷ ᠪᠣᠯᠵᠤ᠂ ᠳᠤᠮᠳᠠᠬᠢ ᠪᠤᠳᠠ ᠮᠣᠳᠣᠨ ᠤ ᠤᠷᠭᠤᠮᠠᠯ ᠤᠨ ᠬᠤᠴᠢᠯᠭ᠎ᠠ ᠴᠤ ᠤᠤᠯ ᠤᠨ ᠡᠯᠡᠰᠦᠷᠬᠡᠭ ᠭᠠᠵᠠᠷ ᠢ ᠪᠦᠷᠭᠦᠭᠰᠡᠨ ᠪᠠᠶᠢᠯ᠎ᠠ᠃ ᠭᠠᠴᠠᠭᠠᠨ ᠤ ᠮᠠᠯᠴᠢᠳ ᠤᠨ ᠬᠡᠯᠡᠬᠦ ᠪᠠᠷ᠂ ︽ᠠᠳᠡ ᠬᠡᠵᠢᠶ᠎ᠡ ᠠᠴᠠ ᠡᠬᠢᠯᠡᠵᠦ ᠡᠯᠡᠰᠦᠷᠬᠡᠭᠵᠢᠭᠰᠡᠨ ᠢ ᠮᠡᠳᠡᠬᠦ ᠦᠭᠡᠢ᠂ ᠲᠠᠯᠠᠪᠠᠶ ᠨᠢ ᠪᠠᠰᠠ ᠵᠢᠯ ᠳᠠᠷᠠᠭᠠᠯᠠᠨ ᠥᠷᠭᠡᠳᠴᠦ᠂ ᠵᠢᠯ ᠪᠦᠷᠢ ᠶᠢᠨ ᠬᠠᠪᠤᠷ ᠨᠠᠮᠤᠷ ᠰᠠᠯᠬᠢ ᠰᠢᠭᠤᠷᠭᠠᠨ ᠳᠤ ᠠᠪᠲᠠᠭᠳᠠᠵᠣ᠂ ᠡᠨᠡ ᠬᠡᠳᠦᠨ ᠵᠢᠯ ᠳᠤ ᠵᠠᠰᠠᠯᠲᠠ ᠬᠢᠭᠰᠡᠨ ᠤ ᠳᠠᠷᠠᠭ᠎ᠠ᠂ ᠨᠢᠭᠡᠨᠲᠡ ᠡᠯᠡᠰᠦᠷᠬᠡᠭ ᠭᠠᠵᠠᠷ ᠢ ᠣᠯᠵᠤ ᠬᠠᠷᠠᠬᠤ ᠦᠭᠡᠢ ᠪᠣᠯᠵᠠᠢ︾  ᠬᠡᠯ᠎ᠡ᠃      ᠰᠤᠷᠪᠤᠯᠵᠢᠯᠠᠭᠴᠢ ᠬᠤᠰᠢᠭᠤ ᠣᠶ ᠰᠢᠭᠤᠢ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ ᠣᠶᠢᠯᠠᠭᠠᠭᠰᠠᠨ ᠢᠶᠠᠷ᠂ ᠦᠵᠦᠮᠦᠴᠢᠨ ᠤ ᠡᠯᠡᠰᠦᠷᠬᠡᠭ ᠭᠠᠵᠠᠷ ᠤᠨ ᠡᠯᠡᠰᠦᠵᠢᠭᠰᠡᠨ ᠭᠠᠵᠠᠷ ᠰᠢᠷᠣᠢ ᠶᠢᠨ ᠳᠤᠮᠳᠠᠬᠢ ᠨᠡᠭᠦᠳᠡᠯ᠂ ᠬᠠᠭᠠᠰ ᠲᠣᠭᠲᠠᠮᠠᠯ ᠡᠯᠡᠰᠦᠷᠬᠡᠭ ᠭᠠᠵᠠᠷ ᠢ ᠵᠠᠰᠠᠵᠤ ᠪᠣᠯᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠨ ᠤ ᠬᠤᠰᠢᠭᠤ ᠨᠢ ᠣᠶᠢᠷ᠎ᠠ ᠶᠢᠨ ᠬᠤᠭᠤᠴᠠᠭᠠᠨ ᠤ ᠲᠥᠯᠦᠪᠵᠢᠭᠦᠯᠭᠡ  ᠲᠣᠭᠲᠠᠭᠠᠵᠤ᠂ 2024 ᠣᠨ ᠠᠴᠠ 2026 ᠣᠨ ᠪᠣᠯᠲᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠵᠠᠰᠠᠭᠰᠠᠨ ᠲᠠᠯᠠᠪᠠᠶ ᠨᠢ 31.4 ᠲᠦᠮᠡᠨ ᠮᠦ ᠳᠤ ᠬᠦᠷᠴᠦ᠂ 2024 ᠣᠨ ᠤ ᠵᠠᠰᠠᠯᠲᠠ ᠶᠢᠨ ᠡᠭᠦᠷᠭᠡ ᠨᠢ 9.4 ᠲᠦᠮᠡᠨ ᠮᠦ ᠪᠣᠯᠣᠨ᠎ᠠ᠂ ᠣᠳᠣᠬᠠᠨ ᠳᠤ ᠡᠯ᠎ᠡ ᠵᠦᠢᠯ ᠤᠨ ᠢᠨᠵᠧᠨᠧᠷᠢᠩ ᠢ ᠶᠠᠭ ᠡᠮᠬᠢ ᠳᠢᠭᠯᠢᠮ ᠲᠠᠢ ᠠᠬᠢᠭᠤᠯᠵᠤ ᠪᠠᠶᠢᠨ᠎ᠠ᠂ ᠵᠠᠰᠠᠬᠤ ᠪᠠᠷ  ᠲᠠᠮᠵᠢᠭᠤᠯᠣᠨ ᠡᠯᠡᠰᠦᠵᠢᠭᠰᠡᠨ ᠣᠷᠣᠨ ᠤ ᠭᠠᠵᠠᠷ ᠰᠢᠷᠣᠢ ᠶᠢᠨ ᠳᠣᠲᠣᠷᠠᠬᠢ ᠨᠡᠭᠦᠳᠡᠯ᠂ ᠬᠠᠭᠠᠰ ᠲᠣᠭᠲᠠᠮᠠᠯ ᠪᠠ ᠬᠡᠰᠡᠭ ᠲᠣᠭᠲᠠᠮᠠᠯ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠪᠦᠬᠦᠨ ᠢ ᠬᠠᠮᠣᠷᠴᠣ᠂ ᠭᠤᠣᠯᠳᠠᠯᠭ᠎ᠠ ᠲᠠᠢ ᠡᠯᠡᠰᠦᠷᠬᠡᠭ ᠣᠷᠣᠨ ᠤ ᠠᠮᠢ ᠠᠬᠤᠢ ᠶᠢᠨ ᠪᠠᠶᠢᠳᠠᠯ ᠢ ᠢᠯᠡᠳᠲᠡ ᠰᠠᠶᠢᠵᠢᠷᠠᠭᠤᠯᠵᠤ᠂ ᠡᠯᠡᠰᠦᠷᠬᠡᠭᠵᠢᠯ ᠤᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠂ ᠣᠶ ᠰᠢᠭᠤᠢ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠶᠡᠷᠦᠩᠬᠡᠶᠢᠯᠡᠭᠰᠡᠨ ᠪᠦᠷᠬᠦᠴᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠣᠯ ᠪᠣᠯᠬᠤ ᠡᠯᠡᠰᠦ ᠲᠣᠭᠤᠰᠣᠨ ᠤ ᠡᠬᠢ ᠰᠤᠷᠪᠤᠯᠵᠢ ᠶᠢᠨ ᠣᠷᠣᠨ ᠪᠠ ᠵᠠᠮ ᠱᠤᠭᠤᠮ ᠤᠨ ᠣᠷᠣᠨ ᠤ  ᠡᠯᠡᠰᠦᠷᠭᠡᠭᠵᠢᠬᠦ ᠪᠠᠶᠢᠳᠠᠯ ᠢ ᠪᠦᠲᠦᠮᠵᠢᠲᠡᠶ ᠬᠢᠵᠠᠭᠠᠷᠯᠠᠵᠤ᠂ ᠰᠠᠯᠬᠢ ᠡᠯᠡᠰᠦᠨ ᠤ ᠬᠥᠨᠥᠭᠡᠯ ᠢ ᠪᠥᠬᠦ ᠲᠠᠯ᠎ᠠ ᠪᠠᠷ ᠬᠤᠷᠢᠭᠯᠠᠨ᠂ ᠣᠶ ᠰᠢᠭᠤᠢ ᠡᠪᠡᠰᠦ ᠪᠡᠯᠴᠢᠭᠡᠷ ᠤᠨ ᠴᠢᠭᠢᠭᠯᠢᠭ  ᠪᠠᠶᠢᠬᠤ ᠵᠡᠷᠭᠡ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠢᠯᠡᠳᠲᠡ  ᠴᠢᠩᠭᠠᠷᠠᠭᠤᠯᠣᠭᠰᠠᠨ ᠪᠠᠶᠢᠨ᠎ᠠ᠃     ᠣᠳᠣᠬᠠᠨ ᠳᠤ᠂ ᠪᠠᠷᠠᠭᠤᠨ ᠦᠵᠦᠮᠦᠴᠢᠨ ᠬᠤᠰᠢᠭᠤ ᠨᠢ ᠰᠢᠨᠲᠠᠷᠠᠰᠢ ᠦᠭᠡᠢ ᠪᠠᠷᠢᠮᠲᠠᠯᠠᠬᠤ ᠡᠷᠴᠢ ᠵᠣᠷᠢᠭ ᠭᠠᠷᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠳᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠤᠨ᠂ ᠴᠠᠭ ᠮᠥᠴᠡ ᠶᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ᠂ ᠣᠷᠳᠣ ᠬᠤᠭᠤᠴᠠᠭ᠎ᠠ ᠪᠠᠷ ᠰᠢᠨᠲᠠᠷᠠᠰᠢ ᠦᠭᠡᠢ ᠴᠢᠷᠮᠠᠶᠢᠬᠤ ᠬᠠᠷᠢᠭᠤᠴᠠᠯᠭ᠎ᠠ ᠪᠠᠷ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠡᠶᠢᠨ ᠢ ᠰᠠᠶᠢᠲᠤᠷ ᠬᠢᠵᠦ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠥᠬᠦ ᠬᠦᠴᠦᠨ ᠢᠶᠠᠷ ᠢᠶᠠᠨ ᠵᠢᠷᠤᠭᠯᠠᠵᠤ᠂ ᠰᠢᠨ᠎ᠡ ᠴᠠᠭ ᠦᠶ᠎ᠡ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠬᠠᠭᠤᠳᠠᠰᠤ ᠶᠢ ᠡᠭᠦᠳᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号