ᠪᠠᠷᠠᠭᠤᠨ ᠦᠵᠦᠮᠦᠴᠢᠨ ᠬᠤᠰᠢᠭᠤᠨ ᠤ ᠬᠠᠳᠤᠯᠠᠩ ‍ᠤᠨ‌ᠠᠵᠢᠯ ᠡᠷᠴᠢᠮᠳᠡᠢ ᠶᠠᠪᠤᠠᠠᠳᠠᠵᠦ ᠪᠠᠶᠢᠨ᠎ᠠ
ᠨᠡᠶᠢᠲᠡᠯᠡᠭᠰᠡᠨ ᠴᠠᠭ᠄
2024/9/19
     ᠨᠠᠯᠠᠭᠠᠷ ᠨᠠᠮᠤᠷ ᠤᠨ ᠶᠢᠰᠦᠨ ᠰᠠᠷ᠎ᠠ ᠭᠡᠵᠦ ᠦᠵᠦᠮᠦᠴᠢᠨ ᠨᠤᠳᠤᠭ ᠤᠨ ᠮᠠᠯᠴᠢᠳ ᠡᠪᠡᠰᠦ ᠬᠠᠳᠤᠯᠠᠩ ᠳᠠᠭᠠᠨ ᠶᠠᠭᠠᠷᠠᠯᠳᠤᠨ ᠡᠪᠦᠯ ᠬᠠᠪᠤᠷ ᠤᠨ ᠨᠦᠭᠡᠴᠡ ᠪᠡᠯᠡᠳᠬᠡᠯ ᠢᠶᠠᠨ ᠬᠢᠬᠦ ᠶᠠᠭᠠᠷᠠᠤ ᠤᠯᠠᠷᠢᠯ ᠪᠤᠯᠳᠠᠭ ᠪᠢᠯᠡ᠃ ᠨᠠᠢᠮᠠᠳᠤᠭᠠᠷ ᠰᠠᠷ᠎ᠠ ᠶᠢᠨ ᠰᠡᠭᠦᠯᠴᠢ ᠪᠠᠷ ᠪᠤᠷᠤᠭᠠᠨ ᠬᠤᠷ᠎ᠠ ᠲᠠᠳᠠᠭᠤᠷᠠᠵᠦ ᠡᠬᠢᠯᠡᠮᠡᠭᠴᠡ ᠮᠠᠯᠴᠢᠳ ᠡᠪᠡᠰᠦ ᠬᠠᠳᠤᠯᠠᠩ ᠤᠨ ᠠᠵᠢᠯ ᠢᠶᠠᠨ ᠡᠬᠢᠯᠡᠬᠦᠯᠵᠦ᠂ ᠤᠳᠤ ᠪᠤᠯᠬᠤ ᠳᠤ  ᠪᠤᠭᠤᠵᠢᠯᠠᠵᠦ ᠲᠡᠭᠡᠭᠡᠬᠦ ᠠᠵᠢᠯ ᠶᠠᠭᠠᠷᠠᠯᠳᠠᠢ ᠶᠠᠪᠤᠠᠠᠳᠠᠵᠦ ᠪᠠᠶᠢᠨ᠎ᠠ᠃      ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠤ ᠶᠢᠨ ᠭᠤᠤᠯ ᠪᠠᠯᠭᠠᠰᠤᠨ ᠤ ᠪᠠᠶ᠋ᠬᠠᠤᠨᠳᠤᠷᠬᠤ ᠭᠠᠴᠠᠭᠠᠨ ᠤ ᠮᠠᠯᠴᠢᠨ ᠨᠠᠰᠤᠭ ᠬᠤᠪᠢᠨ ᠤ 8000 ᠮᠦ ᠨᠤᠳᠤᠭ ᠪᠡᠯᠴᠢᠭᠡᠷ ᠲᠡᠭᠡᠷ᠎ᠡ ᠪᠠᠨ 2500 ᠮᠦ ᠨᠤᠳᠤᠭ ᠲᠦᠷᠢᠶᠡᠰᠦᠯᠡᠨ᠂ ᠡᠨᠡ ᠵᠢᠯ 400 ᠬᠤᠨᠢ᠂ ᠲᠠᠪᠢᠭᠠᠳ ᠦᠬᠡᠷ ᠤᠨᠳᠤᠷᠤᠭᠤᠯᠬᠤ ᠪᠠᠷ ᠲᠦᠯᠦᠪᠯᠡᠨ ᠮᠠᠯ ᠪᠡᠯᠴᠢᠭᠡᠷ ᠢᠶᠠᠨ ᠲᠡᠩᠴᠡᠭᠦᠷᠢᠰᠢᠬᠦᠯᠦᠨ ᠮᠠᠯᠵᠢᠵᠤ ᠶᠠᠪᠤᠨ᠎ᠠ᠃ ᠲᠡᠷᠡᠪᠡᠷ 8 ᠰᠠᠷ᠎ᠠ ᠶᠢᠨ ᠰᠡᠭᠦᠯᠴᠢ ᠪᠠᠷ ᠬᠠᠳᠤᠯᠠᠩ ᠳᠠᠭᠠᠨ ᠭᠠᠷᠴᠦ ᠤᠳᠤ ᠨᠢᠭᠡᠨᠳᠡ ᠬᠠᠳᠤᠵᠤ ᠲᠠᠭᠤᠰᠬᠠᠭᠠᠳ ᠪᠤᠭᠤᠵᠢᠯᠠᠬᠤ ᠪᠠᠷ ᠪᠠᠶᠢᠭ᠎ᠠ ᠠᠵᠢ᠃     ᠡᠪᠡᠰᠦ ᠬᠠᠳᠤᠯᠠᠩ ᠤᠨ ᠠᠵᠢᠯ ᠨᠢ ᠨᠠᠮᠤᠷ ᠤᠨ ᠤᠯᠠᠷᠢᠯ ᠤᠨ ᠮᠠᠯᠵᠢᠬᠤ ᠦᠢᠯᠡᠳᠪᠦᠷᠢᠯᠡᠯ ᠤᠨ ᠴᠢᠬᠤᠯᠠ ᠠᠵᠢᠯ ᠪᠠᠶᠢᠵᠤ᠂ ᠡᠪᠡᠰᠦ ᠪᠤᠷᠳᠤᠭ᠎ᠠ ᠪᠠᠨ ᠬᠦᠷᠦᠯᠴᠡᠬᠦᠶᠢᠴᠡ ᠰᠠᠶᠢᠨ ᠨᠦᠭᠡᠴᠡᠯᠡᠭᠰᠡᠨ ᠢᠶᠠᠷ ᠭᠠᠮᠰᠢᠭ ᠵᠤᠳ ᠢ ᠰᠡᠷᠭᠡᠶᠢᠯᠡᠨ ᠲᠤᠭᠤᠯᠬᠤ ᠪᠦᠷᠢᠨ ᠪᠡᠯᠡᠳᠬᠡᠯ ᠲᠠᠢ ᠪᠤᠯᠵᠤ ᠮᠠᠯ ᠤᠨᠤᠭᠠᠨ ᠤ ᠤᠨᠳᠤᠷᠤᠯᠳᠠ ᠪᠠᠨ ᠪᠠᠳᠤᠯᠠᠳᠠᠭ᠃ ᠤᠶᠢᠷ᠎ᠠ ᠶᠢᠨ ᠵᠢᠯ ᠳᠤ ᠮᠠᠯ ᠤᠨ ᠦᠨ᠎ᠡ ᠪᠠᠭᠤᠷᠠᠨ ᠡᠪᠡᠰᠦ ᠪᠤᠷᠳᠤᠭᠠᠨ ᠤ ᠬᠠᠩᠰᠢ ᠦᠰᠦᠭᠰᠡᠨ ᠤ ᠬᠠᠮᠳᠤ᠂ ᠭᠠᠩ ᠬᠠᠭᠰᠠᠷᠭᠠᠨ ᠴᠦ ᠦᠷᠭᠦᠯᠵᠢᠯᠡᠬᠦ ᠪᠤᠯᠤᠭᠰᠠᠨ ᠨᠢ ᠮᠠᠯᠵᠢᠬᠤ ᠦᠢᠯᠡᠳᠪᠦᠷᠢᠯᠡᠯ ᠢ ᠨᠦᠯᠦᠭᠡᠯᠡᠬᠦ ᠭᠤᠤᠯ ᠬᠦᠴᠦᠨ ᠵᠦᠢᠯ ᠪᠤᠯᠪᠠ᠃ ᠡᠨᠡᠬᠦ ᠪᠠᠶᠢᠳᠠᠯ ᠳᠤ᠂ ᠮᠠᠯᠴᠢᠳ ᠬᠡᠮᠵᠢᠶ᠎ᠡ ᠲᠠᠢ ᠨᠤᠳᠤᠭ ᠢᠶᠠᠨ ᠵᠦᠢ ᠵᠤᠬᠢᠰᠳᠠᠢ ᠬᠤᠪᠢᠶᠠᠷᠢᠯᠠᠨ ᠠᠰᠢᠠᠠᠯᠠᠵᠦ᠂ ᠨᠠᠷᠢᠪᠴᠢ ᠪᠡᠯᠴᠢᠭᠡᠷ  ᠲᠠᠢ ᠨᠤᠳᠤᠭ ᠲᠤ ᠮᠠᠯ ᠢᠶᠠᠨ ᠲᠠᠯᠪᠢᠵᠦ᠂ ᠤᠷᠭᠤᠴᠠ ᠵᠤᠵᠠᠭᠠᠨ ᠭᠠᠵᠠᠷ ᠢ ᠬᠠᠳᠤᠯᠠᠩ ᠢᠶᠠᠷ ᠦᠯᠡᠳᠡᠭᠡᠨ ᠲᠤᠤᠷᠯᠠᠨ ᠬᠠᠮᠠᠭᠠᠯᠠᠵᠦ ᠡᠪᠡᠰᠦᠨ ᠤ ᠤᠷᠭᠤᠴᠠ ᠪᠠᠨ ᠪᠠᠳᠤᠯᠠᠵᠦ ᠪᠠᠶᠢᠭ᠎ᠠ ᠠᠵᠢ᠃ ᠤᠯᠠᠭᠠᠠᠬᠠᠭᠠᠯᠭ᠎ᠠ ᠰᠤᠮᠤᠨ ᠤ ᠪᠠᠶ᠋ᠬᠠᠤᠪᠤᠭᠠᠳᠤ ᠭᠠᠴᠠᠭᠠᠨ ᠤ ᠮᠠᠯᠴᠢᠨ ᠬᠠᠰ᠂ ᠪᠦᠰᠡᠭᠦᠢ ᠯᠢᠩᠬᠸ᠎ᠠ ᠲᠠᠢ ᠪᠠᠨ 100 ᠭᠠᠷᠤᠢ ᠦᠬᠡᠷ ᠮᠠᠯᠵᠢᠵᠤ ᠪᠠᠶᠢᠨ᠎ᠠ᠃ 1800 ᠮᠦ ᠯᠡ ᠨᠤᠳᠤᠭ ᠲᠠᠢ ᠡᠳᠡᠨᠡᠶᠢᠬᠢᠨ ᠭᠠᠳᠠᠨ᠎ᠠ ᠠᠴᠠ ᠨᠤᠳᠤᠭ ᠲᠦᠷᠢᠶᠡᠰᠦᠯᠡᠬᠦ ᠶᠢᠨ ᠬᠠᠮᠳᠤ᠂ 1000 ᠮᠦ ᠬᠠᠳᠤᠯᠠᠩ ᠦᠯᠡᠳᠡᠭᠡᠭᠰᠡᠨ ᠢᠶᠠᠷ ᠡᠨᠡ ᠨᠠᠮᠤᠷ 6 ᠲᠦᠮᠡᠨ ᠵᠢᠩ ᠡᠪᠡᠰᠦ ᠨᠦᠭᠡᠴᠡᠯᠡᠭᠰᠡᠨ ᠪᠠᠶᠢᠯ᠎ᠠ᠃      ᠪᠠᠷᠠᠭᠤᠨ ᠦᠵᠦᠮᠦᠴᠢᠨ ᠬᠤᠰᠢᠭᠤ ᠨᠢ ᠨᠠᠮᠤᠷ ᠤᠨ ᠤᠯᠠᠷᠢᠯ ᠤᠨ ᠡᠪᠡᠰᠦ ᠬᠠᠳᠤᠯᠠᠩ ᠬᠠᠳᠤᠵᠤ ᠨᠦᠭᠡᠴᠡᠯᠡᠬᠦ ᠠᠵᠢᠯ  ᠢ ᠪᠠᠶᠢᠭᠠᠯᠢᠯᠢᠭ ᠡᠪᠡᠰᠦᠨ ᠤ ᠡᠬᠢ ᠪᠠᠶᠠᠯᠢᠭ ᠢ ᠵᠤᠬᠢᠰᠳᠠᠢ ᠠᠰᠢᠠᠠᠯᠠᠬᠤ ᠪᠠ ᠮᠠᠯᠵᠢᠬᠤ ᠦᠢᠯᠡᠳᠪᠦᠷᠢᠯᠡᠯ ᠤᠨ ᠲᠤᠭᠳᠠᠭᠤᠨ ᠬᠦᠭᠵᠢᠯᠳᠡ ᠶᠢ ᠪᠠᠳᠤᠯᠠᠬᠤ ᠴᠢᠬᠤᠯᠠ ᠠᠵᠢᠯ ᠪᠤᠯᠭᠠᠨ ᠠᠳᠬᠤᠵᠤ᠂ ᠬᠠᠮᠠᠭᠠᠯᠠᠬᠤ ᠪᠠᠷ ᠤᠷᠢᠳᠠᠯ ᠪᠤᠯᠭᠠᠨ ᠰᠢᠨᠵᠢᠯᠡᠬᠦ ᠤᠬᠠᠭᠠᠠᠴᠢ ᠪᠠᠷ ᠲᠦᠯᠦᠪᠯᠡᠵᠦ ᠵᠦᠢ ᠵᠤᠬᠢᠰᠳᠠᠢ ᠠᠰᠢᠭᠯᠠᠬᠤ ᠵᠠᠷᠴᠢᠮ ᠶᠤᠰᠤᠭᠠᠷ᠂ ᠬᠠᠳᠤᠵᠤ ᠬᠤᠷᠢᠶᠠᠬᠤ ᠲᠦᠷᠢᠮ ᠲᠤᠠᠠᠳᠠᠭᠠᠯ ᠢ ᠴᠢᠩᠭᠠᠳᠬᠠᠨ ᠪᠠᠶᠢᠭᠠᠯᠢᠯᠢᠭ ᠬᠠᠳᠤᠯᠠᠩ ᠪᠡᠯᠴᠢᠭᠡᠷ ᠢ ᠬᠠᠮᠠᠭᠠᠯᠠᠵᠦ ᠪᠠᠶᠢᠨ᠎ᠠ᠃ ᠡᠭᠦᠨ ᠤ ᠬᠠᠮᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠪᠤᠯᠤᠨ ᠰᠤᠮᠤ ᠪᠠᠯᠭᠠᠰᠤ ᠨᠢ ᠰᠤᠷᠳᠠᠯᠴᠢᠯᠠᠭ᠎ᠠ ᠤᠬᠠᠭᠤᠯᠭ᠎ᠠ ᠪᠠᠨ ᠴᠢᠩᠭᠠᠳᠬᠠᠨ᠂ ᠡᠪᠡᠰᠦ ᠬᠠᠳᠤᠯᠠᠩ ᠤᠨ ᠪᠠᠶᠢᠳᠠᠯ ᠢ ᠴᠠᠭ ᠲᠤᠬᠠᠢ ᠳᠤᠨᠢ ᠪᠦᠷᠢᠳᠬᠡᠨ ᠡᠵᠡᠮᠳᠡᠵᠦ᠂ ᠡᠪᠦᠯ ᠬᠠᠪᠤᠷ ᠤᠨ ᠤᠯᠠᠷᠢᠯ ᠳᠤ ᠬᠡᠷᠡᠭᠰᠡᠬᠦ ᠲᠡᠵᠢᠭᠡᠯ ᠡᠪᠡᠰᠦ ᠪᠠ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠳᠤ ᠬᠡᠷᠡᠭᠰᠡᠬᠦ ᠡᠪᠡᠰᠦ ᠪᠤᠷᠳᠤᠭ᠎ᠠ ᠨᠦᠭᠡᠴᠡᠯᠡᠬᠦ ᠠᠵᠢᠯ ᠢ ᠴᠢᠩᠭᠠᠳᠬᠠᠨ ᠠᠳᠬᠤᠵᠤ ᠪᠠᠶᠢᠭ᠎ᠠ ᠠᠵᠢ᠃ ᠤᠳᠤ ᠪᠤᠯᠳᠠᠯ᠎ᠠ ᠲᠤᠰ ᠬᠤᠰᠢᠭᠤᠨ ᠤ 6 ᠰᠤᠮᠤ ᠪᠠᠯᠭᠠᠰᠤ ᠨᠡᠶᠢᠳᠡ 186356 ᠲᠤᠨ ᠲᠡᠵᠢᠭᠡᠯ ᠡᠪᠡᠰᠦ᠂ 22735 ᠲᠤᠨ ᠨᠤᠭᠤᠭᠠᠨ ᠲᠠᠷᠤᠰᠢ ᠤᠷᠤᠭᠤᠯᠤᠭᠠᠳ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号