ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠵᠠᠮ ᠢᠶᠠᠷ ᠬᠠᠮᠳᠣ ᠪᠠᠷ ᠣᠷᠣᠭᠰᠢᠯᠠᠨᠠᠮ ᠢᠮᠠᠭ᠎ᠠ ᠮᠠᠯᠵᠢᠬᠤ ᠠᠷᠭ᠎ᠠ ᠲᠣᠷᠰᠢᠯᠭ᠎ᠠ ᠶᠢ ᠬᠤᠷᠠᠮᠳᠣᠭᠤᠯᠵᠣ ᠶᠠᠪᠣᠨ᠎ᠠ
ᠨᠡᠶᠢᠲᠡᠯᠡᠭᠰᠡᠨ ᠴᠠᠭ᠄
2024/9/19
    ᠬᠦᠳᠡᠭᠡ ᠨᠣᠳᠤᠭ ᠲᠠᠭᠠᠨ ᠰᠢᠨ᠎ᠡ  ᠮᠠᠯᠵᠢᠬᠤ ᠣᠷᠣᠨ ᠤ  ᠲᠦᠷᠢ ᠲᠦᠷᠬᠦ ᠶᠢ ᠱᠣᠭᠤᠵᠣ ᠶᠠᠪᠣᠭ᠎ᠠ ᠮᠠᠯᠴᠢᠨ ᠲᠦᠷᠬᠡᠨᠪᠠᠶᠠᠷ ᠨᠠᠷᠠᠨᠨᠠᠪᠴᠢ ᠬᠤᠶᠠᠷ ᠢᠮᠠᠭᠠᠨ ᠰᠦᠷᠦᠭ ᠢᠶᠠᠨ ᠥᠨᠢᠷ ᠰᠠᠶᠢᠬᠠᠨ ᠥᠰᠭᠡᠬᠦ ᠶᠢᠨ ᠲᠠᠭᠠᠣ ᠡᠨᠡ ᠵᠢᠯ ᠮᠦᠨ  ᠢᠮᠠᠭᠠᠨ ᠮᠢᠬᠠᠨ ᠤ ᠪᠣᠭᠤᠳᠠᠭ ᠢᠶᠠᠨ ᠬᠤᠯᠠ ᠣᠶᠢᠷ᠎ᠠ ᠶᠢᠨ ᠬᠦᠮᠦᠰ ᠲᠤ ᠲᠠᠨᠢᠯᠴᠠᠭᠤᠯᠵᠣ᠂ ᠦᠵᠦᠮᠦᠴᠢᠨ ᠨᠣᠳᠤᠭ ᠤᠨ ᠮᠠᠯ ᠰᠦᠷᠦᠭ ᠤᠨ ᠠᠰᠢᠭ ᠰᠢᠮ᠎ᠡ ᠶᠢ ᠵᠠᠬ᠎ᠠ ᠵᠡᠭᠡᠯᠢ ᠳᠤ ᠭᠠᠷᠭᠠᠬᠤ ᠵᠠᠯᠠᠭᠤ ᠬᠦᠮᠦᠰ ᠤᠨ ᠣᠷᠣᠯᠳᠣᠯᠭ᠎ᠠ ᠴᠢᠷᠮᠠᠶᠢᠯᠭ᠎ᠠ ᠪᠠᠨ ᠦᠷᠬᠦᠯᠵᠢᠯᠡᠬᠦᠯᠵᠦ ᠶᠠᠪᠣᠨ᠎ᠠ᠃     ᠰᠢᠨ᠎ᠡ ᠴᠠᠭ ᠡᠷᠡᠨ ᠳᠤ ᠥᠪᠡᠷ ᠤᠨ ᠪᠣᠳᠣᠵᠣ ᠲᠦᠯᠦᠪᠯᠡᠭᠰᠡᠨ ᠠᠮᠢᠳᠣᠷᠠᠯ ᠦᠢᠯᠡᠰ ᠢᠶᠠᠨ ᠵᠣᠷᠢᠭᠳᠠᠢ ᠡᠬᠢᠯᠡᠭᠦᠯᠵᠦ᠂ ᠰᠢᠨ᠎ᠡ ᠬᠦᠳᠡᠭᠡ ᠲᠣᠰᠬᠤᠨ ᠤ ᠥᠩᠭᠡ ᠲᠦᠷᠬᠦ ᠳᠤ ᠵᠢᠳᠬᠦᠯ ᠴᠢᠷᠮᠠᠶᠢᠯᠭ᠎ᠠ ᠭᠠᠷᠭᠠᠨ ᠥᠩᠭᠡ ᠬᠢᠯᠪᠠᠭ᠎ᠠ ᠨᠡᠮᠡᠵᠦ ᠶᠠᠪᠣᠭ᠎ᠠ ᠵᠠᠯᠠᠭᠤ ᠬᠦᠮᠦᠰ ᠡᠳᠦᠭᠡ ᠣᠯᠠᠮ ᠣᠯᠠᠨ ᠪᠣᠯᠵᠣ ᠪᠠᠶᠢᠭ᠎ᠠ ᠪᠦᠭᠡᠳ ᠳᠡᠳᠡᠨ ᠤ ᠲᠣᠮᠳᠠ ᠵᠠᠯᠠᠭᠤ ᠮᠠᠯᠴᠢᠨ ᠲᠦᠷᠭᠡᠨᠪᠡᠶᠡᠷ ᠨᠠᠷᠠᠨᠨᠠᠪᠴᠢ ᠬᠤᠶᠠᠷ  ᠨᠢᠭᠡᠨ ᠮᠠᠯᠴᠢᠨ ᠠᠶᠢᠯ ᠤᠨ ᠲᠤᠭ᠎ᠠ ᠶᠢ ᠨᠡᠮᠡᠵᠦ  ᠶᠠᠪᠣᠭ᠎ᠠ ᠶᠣᠮ᠃ᠡᠳᠡᠨᠡᠶᠢᠬᠢ ᠨᠢ ᠣᠣᠯ ᠨᠢ ᠦᠭᠡᠷ ᠠᠳᠣᠭᠤ ᠬᠤᠨᠢ ᠢᠮᠠᠭ᠎ᠠ ᠭᠡᠳ  ᠪᠦᠬᠦᠨ ᠢ ᠨᠡᠯᠢᠶᠡᠳ ᠲᠤᠭ᠎ᠠ ᠪᠠᠷ ᠮᠠᠯᠵᠢᠵᠣ ᠪᠠᠶᠢᠭᠰᠠᠨ  ᠪᠦᠭᠡᠳ ᠬᠦᠳᠡᠯᠮᠦᠷᠢ ᠬᠦᠴᠦ᠂ ᠵᠠᠷᠣᠳᠠᠯ ᠮᠥᠩᠭᠦ᠂  ᠪᠡᠯᠴᠢᠭᠡᠷ ᠣᠰᠣᠨ ᠤ ᠬᠡᠷᠡᠭᠴᠡᠭᠡ ᠱᠠᠭᠠᠷᠳᠠᠯᠭ᠎ᠠ ᠨᠡᠯᠢᠶᠡᠳ ᠶᠡᠭᠡ ᠪᠠᠶᠢᠵᠠᠢ᠃ ᠡᠨᠡᠬᠦ ᠪᠠᠶᠢᠳᠠᠯ ᠳᠤ ᠲᠦᠷᠭᠡᠨᠪᠠᠶᠠᠷ ᠪᠦᠰᠡᠬᠦᠢ ᠲᠠᠢ ᠪᠠᠨ ᠬᠤᠶᠠᠭᠤᠯᠠ ᠬᠡᠳᠦᠨ ᠵᠢᠯ ᠤᠨ ᠣᠷᠣᠯᠭ᠎ᠠ ᠵᠠᠷᠣᠯᠭ᠎ᠠ  ᠪᠠᠨ ᠲᠣᠭᠠᠴᠠᠯᠠᠵᠣ ᠪᠣᠳᠣᠭᠰᠠᠨ ᠤ ᠦᠷ᠎ᠡ ᠳ᠋ᠦᠩ ᠳᠤ  ᠮᠠᠯ ᠠᠬᠤᠢ ᠪᠠᠨ ᠰᠢᠯᠢᠳᠡᠭᠵᠢᠬᠦᠯᠵᠦ ᠲᠤᠰᠬᠠᠶᠢᠵᠢᠭᠤᠯᠬᠤ ᠲᠡᠰᠢ ᠬᠠᠨᠳᠣᠬᠤ ᠪᠠᠷ ᠰᠢᠢᠳᠴᠦ᠂ 2021 ᠣᠨ ᠠᠴᠠ ᠬᠤᠶᠠᠷ ᠲᠦᠷᠦᠯ ᠤᠨ ᠪᠣᠳᠠ ᠮᠠᠯ ᠪᠣᠯᠣᠨ ᠬᠤᠨᠢᠨ ᠤ ᠪᠠᠨ ᠲᠤᠭ᠎ᠠ ᠲᠣᠯᠣᠭᠠᠢ ᠶᠢ ᠴᠦᠭᠡᠳᠬᠡᠨ ᠦᠵᠦᠮᠦᠴᠢᠨ ᠴᠠᠭᠠᠨ ᠢᠮᠠᠭ᠎ᠠ ᠮᠠᠯᠵᠢᠬᠤ ᠪᠠᠷ ᠲᠣᠰᠠᠬᠠᠢ ᠪᠡᠯᠡᠳᠬᠡᠯ ᠬᠢᠵᠦ ᠣᠣᠯ ᠤᠨ ᠲᠠᠯᠠᠭᠠᠳ ᠲᠣᠭᠠᠨ ᠤ ᠢᠮᠠᠭᠠᠨ ᠲᠡᠭᠡᠷ᠎ᠡ ᠪᠠᠨ ᠵᠠᠭᠤᠨ ᠲᠣᠯᠣᠭᠠᠢ ᠢᠮᠠᠭ᠎ᠠ ᠬᠤᠳᠠᠯᠳᠣᠨ ᠠᠪᠴᠦ᠂ ᠲᠤᠰᠬᠠᠢ ᠲᠦᠷᠦᠯ ᠢ ᠭᠤᠣᠯᠴᠢᠯᠠᠨ ᠮᠠᠯᠵᠢᠬᠤ ᠪᠠᠷ ᠴᠢᠷᠮᠠᠶᠢᠵᠣ ᠡᠬᠢᠯᠡᠭᠰᠡᠨ ᠪᠠᠶᠢᠨ᠎ᠠ᠃    ᠲᠦᠷᠭᠡᠨᠪᠡᠶᠡᠷ ᠤᠨ ᠬᠢ ᠪᠠᠶᠠᠨᠬᠤᠰᠢᠭᠤ ᠰᠣᠮᠣᠨ ᠤ ᠰᠠᠶᠢᠬᠠᠨᠨᠠᠭᠤᠷ ᠭᠠᠴᠠᠭᠠᠨ ᠳᠤ᠂ ᠲᠡᠷᠡᠰᠦ ᠪᠣᠳᠠ ᠲᠠᠢ ᠨᠦᠮᠦᠷᠢ ᠨᠦᠭᠡᠯᠭᠡ ᠲᠠᠢ ᠭᠠᠵᠠᠷ ᠲᠤ ᠰᠠᠭᠤᠷᠢᠰᠢᠳᠠᠭ᠂ ᠶᠠᠭ ᠡᠨᠡᠬᠦ ᠲᠠᠪᠠᠭᠤᠯᠢᠭ ᠨᠦᠬᠦᠴᠡᠯ ᠳᠤ ᠪᠠᠨ ᠵᠣᠬᠢᠴᠠᠭᠤᠯᠣᠨ ᠢᠮᠠᠭ᠎ᠠ ᠪᠠᠨ ᠢᠯᠡᠬᠦᠦ ᠦᠰᠭᠡᠵᠦ᠂ ᠥᠩᠭᠡᠷᠡᠭᠰᠡᠨ ᠬᠠᠪᠣᠷ 390 ᠭᠠᠷᠣᠢ ᠲᠣᠯᠣᠭᠠᠢ ᠲᠦᠯ ᠲᠣᠰᠴᠣ᠂ ᠪᠦᠬᠦ ᠲᠦᠯ ᠢᠶᠠᠨ ᠮᠡᠨᠳᠦ ᠰᠠᠶᠢᠬᠠᠨ ᠣᠨᠳᠣᠷᠣᠭᠤᠯᠣᠭᠰᠠᠨ ᠪᠠᠶᠢᠯ᠎ᠠ᠃    ᠲᠦᠷᠭᠡᠨᠪᠠᠶᠠᠷ ᠨᠠᠷᠠᠨᠨᠠᠪᠴᠢ ᠬᠤᠶᠠᠷ  ᠂ ᠬᠡᠳᠦᠨ ᠵᠢᠯ ᠢᠮᠠᠭ᠎ᠠ ᠮᠠᠯᠵᠢᠭᠰᠠᠨ ᠠᠷᠭ᠎ᠠ ᠲᠣᠷᠰᠢᠯᠭ᠎ᠠ ᠪᠠᠨ ᠪᠢᠳᠡᠨ ᠳᠤ ᠶᠠᠷᠢᠬᠤ ᠳᠤ ᠪᠠᠨ ︿ᠢᠮᠠᠭ᠎ᠠ ᠪᠣᠯ ᠲᠡᠭᠵᠢᠨ ᠴᠣᠪᠣᠭᠤ ᠠᠮᠢᠳᠠᠨ᠂ ᠡᠪᠡᠳᠴᠢᠨ ᠬᠡᠮ ᠴᠦ ᠴᠦᠭᠡᠨ ᠲᠣᠰᠣᠨ᠎ᠠ᠂ ᠬᠠᠪᠣᠷ  ᠲᠠᠭᠠᠨ ᠪᠡᠯᠴᠢᠭᠡᠷ ᠰᠡᠷᠭᠦᠭᠡᠬᠦ ᠬᠠᠰᠢᠶᠠᠯᠠᠭ᠎ᠠ ᠶᠢᠨ ᠬᠤᠭᠤᠴᠠᠭᠠᠨ ᠳᠤ ᠡᠪᠡᠰᠦ ᠪᠣᠷᠳᠣᠭᠠᠨ ᠤ ᠲᠡᠵᠢᠭᠡᠯ ᠤᠨ ᠲᠠᠯ᠎ᠠ ᠪᠠᠷ ᠨᠠᠷᠢᠯᠢᠭ ᠪᠣᠳᠣᠵᠣ ᠦᠵᠡᠭᠰᠡᠨ᠂ ᠬᠠᠷᠢᠴᠠᠩᠭᠤᠢ ᠭᠠᠮᠳᠠᠢ ᠪᠠᠶᠢᠭᠰᠨᠨ﹀ ᠭᠡᠵᠦ ᠪᠠᠶᠢᠯ᠎ᠠ᠃ᠨᠢᠭᠡ ᠲᠦᠷᠦᠯ ᠤᠨ  ᠮᠠᠯ ᠠᠬᠤᠢ ᠪᠠᠨ ᠭᠤᠣᠯᠴᠢᠯᠠᠨ ᠮᠠᠯᠵᠢᠭᠰᠠᠨ ᠴᠦ ᠲᠡᠭᠦᠨ ᠤ ᠠᠰᠢᠭ ᠰᠢᠮ᠎ᠡ ᠶᠢ ᠪᠦᠷᠢᠨ ᠰᠠᠶᠢᠬᠠᠨ ᠠᠰᠢᠭᠯᠠᠵᠣ᠂ ᠨᠣᠳᠤᠭ ᠣᠷᠣᠨ ᠤ ᠣᠨᠴᠠᠯᠢᠭ ᠲᠠᠢ ᠢᠳᠡᠭᠡᠨ ᠣᠮᠳᠠᠭᠠᠨ ᠤ ᠰᠣᠶᠣᠯ ᠢ ᠲᠡᠯᠭᠡᠷᠡᠬᠦᠯᠵᠦ ᠠᠰᠢᠭ ᠣᠷᠣᠯᠭ᠎ᠠ ᠡᠭᠦᠳᠬᠦ ᠶᠢ ᠰᠦᠪᠡᠭᠴᠢᠯᠡᠭᠰᠡᠨ ᠬᠤᠶᠠᠷ ᠵᠠᠯᠠᠭᠤ᠂ ᠡᠨᠡ ᠵᠢᠯ ᠢᠮᠠᠭᠠᠨ ᠤ ᠪᠣᠭᠤᠳᠠᠭ ᠬᠢᠵᠦ ᠪᠣᠷᠣᠯᠠᠭᠤᠯᠬᠤ ᠦᠢᠯᠡᠴᠢᠯᠡᠭᠡ  ᠪᠠᠨ ᠦᠷᠬᠦᠯᠵᠢᠯᠡᠨ ᠲᠠᠨᠢᠯᠴᠠᠭᠤᠯᠵᠣ᠂ ᠣᠳᠣᠬᠠᠨ ᠪᠣᠯᠬᠤ ᠳᠤ ᠠᠷᠪᠠᠭᠠᠳ ᠢᠮᠠᠭᠠᠨ ᠤ ᠪᠣᠭᠤᠳᠠᠭ ᠬᠢᠵᠦ ᠪᠣᠷᠣᠯᠠᠭᠤᠯᠣᠭᠰᠠᠨ ᠪᠦᠭᠡᠳ ᠠᠰᠢᠭ ᠣᠷᠣᠯᠭ᠎ᠠ ᠨᠢ 24000 ᠭᠠᠷᠣᠢ ᠲᠦᠭᠦᠷᠢᠭ ᠲᠤ ᠬᠦᠷᠦᠭᠰᠡᠨ ᠪᠠᠶᠢᠨ᠎ᠠ᠃    ᠪᠣᠳᠣᠯ ᠰᠡᠳᠬᠢᠯ ᠨᠠᠶᠢᠴᠡᠭᠰᠡᠨ ᠬᠤᠶᠠᠷ ᠵᠠᠯᠠᠭᠤ ᠲᠤᠭ᠎ᠠ ᠲᠣᠯᠣᠭᠠᠢ ᠶᠢ ᠭᠦᠭᠡᠭᠡᠴᠡᠯᠳᠦᠬᠦ ᠪᠢᠰᠢ ᠴᠢᠨᠠᠷᠯᠢᠭ ᠰᠠᠶᠢᠨ ᠮᠠᠯ ᠮᠠᠯᠵᠢᠬᠤ ᠪᠠᠷ ᠢᠳᠡᠭᠡᠯ ᠲᠡᠭᠦᠯᠳᠡᠷ ᠴᠢᠷᠮᠠᠶᠢᠵᠦ ᠡᠨᠡ ᠵᠢᠯ ᠠᠴᠠ  ᠪᠡᠯᠴᠢᠭᠡᠷ ᠤᠨ ᠲᠠᠭᠠᠭᠠᠴᠠ᠂ ᠮᠠᠯᠵᠢᠯ ᠤᠨ ᠣᠷᠣᠯᠭ᠎ᠠ ᠵᠠᠷᠣᠯᠭ᠎ᠠ ᠳᠠᠭᠠᠨ ᠵᠣᠬᠢᠴᠠᠭᠤᠯᠣᠨ ᠢᠮᠠᠭᠠᠨ ᠤ ᠪᠠᠨ ᠲᠤᠭ᠎ᠠ ᠲᠣᠯᠣᠭᠠᠢ ᠶᠢ ᠬᠠᠷᠢᠴᠠᠩᠭᠤᠢ ᠴᠦᠭᠡᠳᠬᠡᠨ ᠡᠨᠡ ᠡᠪᠣᠯ 200 ᠡᠬᠡ ᠮᠠᠯ ᠣᠨᠳᠣᠷᠣᠭᠤᠯᠬᠤ ᠪᠠᠷ  ᠲᠦᠯᠦᠪᠯᠡᠵᠦ᠂ ᠲᠤᠭ᠎ᠠ ᠲᠣᠯᠣᠭᠠᠢ ᠶᠢ ᠴᠦᠭᠡᠴᠢᠯᠡᠨ ᠨᠠᠷᠢᠯᠢᠭ ᠮᠠᠯᠵᠢᠬᠤ᠂ ᠣᠯᠠᠨ ᠠᠷᠭ᠎ᠠ ᠵᠠᠮ ᠢᠶᠠᠷ ᠰᠦᠪᠡᠭᠴᠢᠯᠡᠨ ᠣᠷᠣᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠰᠦᠪᠡᠭᠴᠢᠯᠡᠵᠦ᠂ ᠰᠢᠨ᠎ᠡ ᠬᠦᠳᠡᠭᠡ ᠨᠣᠳᠤᠭ ᠤᠨ ᠬᠦᠭᠵᠢᠯ ᠬᠤᠪᠢᠷᠠᠯ ᠳᠤ ᠥᠩᠭᠡ ᠲᠦᠷᠬᠦ ᠱᠣᠭᠤᠵᠣ ᠶᠠᠪᠣᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号