︽ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ︾ ᠦᠶᠯᠡᠴᠢᠯᠡᠭᠡ ᠨᠢ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠵᠦ ᠢᠲᠡᠭᠡᠮᠵᠢ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/9/19
      ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠶᠳᠪᠦᠷᠢᠯᠡᠬᠦ ᠳᠤ ᠬᠦᠴᠦᠨ  ᠨᠡᠮᠡᠷᠢᠯᠡᠬᠦ ᠶᠢᠨ ᠲᠤᠰᠠᠳᠠ ᠪᠠᠷᠠᠭᠤᠨ ᠦᠵᠦᠮᠦᠴᠢᠨ ᠬᠤᠰᠢᠭᠤ ᠠᠵᠤ ᠠᠬᠤᠶᠢᠯᠠᠯ ᠳᠤ ᠳᠥᠭᠦᠮ ᠳᠥᠲᠡ ᠢᠲᠡᠭᠡᠮᠵᠢ ᠶᠢ ᠰᠡᠷᠭᠦᠭᠡᠬᠦ ᠦᠶᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠳᠤ  ᠢᠲᠡᠭᠡᠮᠵᠢ ᠶᠢᠨ ᠬᠦᠴᠦᠨ  ᠨᠡᠮᠡᠷᠢᠯᠡᠵᠦ ᠪᠠᠶᠢᠨ᠎ᠠ᠃      ᠣᠶᠢᠷ᠎ᠠ ᠳᠤ᠂  ᠳ᠋ᠦᠩ ᠹᠠᠩ ᠠᠭᠤᠷᠬᠠᠶ ᠶᠢᠨ ᠦᠢᠯᠡᠰ ᠤᠨ ᠬᠠᠷᠢᠭᠤᠴᠠᠯᠭᠠᠲᠠᠨ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠲᠤ ᠬᠦᠷᠴᠦ ᠬᠠᠮᠢᠶᠠᠲᠠᠢ ᠭᠠᠷ  ᠭᠦᠢᠴᠡᠳᠭᠡᠯ ᠬᠢᠭᠦ ᠳᠤ ᠲᠤᠰ ᠠᠵᠤ ᠠᠬᠤᠶᠢᠯᠠᠯ ᠳᠤ ᠢᠲᠡᠭᠡᠯ ᠠᠯᠳᠠᠭᠰᠠᠨ ᠪᠠᠶᠢᠳᠠᠯ ᠣᠷᠣᠰᠢᠵᠤ ᠪᠠᠶᠢᠬᠤ ᠠᠴᠠ ᠪᠣᠯᠵᠤ ᠠᠵᠤ ᠠᠬᠤᠶᠢᠯᠠᠯ ᠢ ᠤᠷᠤᠭᠰᠢᠲᠠᠶ ᠪᠠᠷ ᠳᠠᠩᠰᠠᠯᠠᠭᠤᠯᠬᠤ ᠶᠢᠨ ᠠᠷᠭ᠎ᠠ ᠦᠭᠡᠶ ᠪᠤᠯᠵᠠᠢ᠃ ᠲᠣᠰ ᠠᠰᠠᠭᠤᠳᠠᠯ ᠳᠤ ᠴᠢᠭᠯᠡᠭᠦᠯᠦᠨ᠂ ᠢᠲᠡᠭᠡᠮᠵᠢ ᠶᠢ ᠰᠡᠷᠭᠦᠭᠡᠬᠦ  ᠦᠶᠯᠡᠴᠢᠯᠡᠭᠡᠨ ᠤ ᠴᠣᠩᠬᠤᠨ ᠤ ᠠᠵᠢᠯᠲᠠᠨ ᠠᠵᠤ ᠠᠬᠤᠶᠢᠯᠠᠯ ‍ᠤᠨ‌ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢᠨ ᠪᠣᠳᠠᠲᠠᠶ ᠰᠢᠯᠲᠠᠭᠠᠨ᠂ ᠰᠢᠨᠵᠢ ᠴᠢᠨᠠᠷ ᠢ ᠨᠠᠷᠢᠨ ᠣᠶᠢᠯᠠᠭᠠᠬᠤ ᠶᠢᠨ ᠬᠠᠮᠲᠤ ᠬᠠᠨᠳᠤᠯᠭᠠᠲᠤ ᠴᠢᠨᠠᠷᠲᠠᠶ ᠵᠢᠯᠣᠭᠤᠳᠬᠤ ᠪᠠ ᠰᠢᠶᠳᠪᠦᠷᠢᠯᠡᠬᠦ ᠲᠥᠰᠦᠯ ᠭᠠᠷᠭᠠᠵᠤ᠂ ᠠᠵᠤ ᠠᠬᠤᠶᠢᠯᠠᠯ ᠤᠨ ᠲᠠᠯ᠎ᠠ ᠶᠢ ᠬᠠᠪᠰᠤᠷᠤᠨ ᠰᠦᠯᠵᠢᠶᠡᠨ ᠳᠡᠭᠡᠷᠡᠬᠢ ᠢᠲᠡᠭᠡᠮᠵᠢ ᠶᠢ ᠰᠡᠷᠭᠦᠭᠡᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠨ ᠢᠲᠡᠭᠡᠮᠵᠢ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠲᠥᠷᠥᠯ ᠵᠦᠶᠯ ᠤᠨ ᠳᠡᠩᠰᠡᠯᠡᠯᠲᠡ ᠶᠢ ᠤᠷᠤᠭᠰᠢᠲᠠᠶ ᠪᠡᠶᠡᠯᠡᠭᠦᠯᠬᠦ ᠶᠢ ᠠᠬᠢᠭᠤᠯᠤᠨ᠂ ᠠᠵᠤ ᠠᠬᠤᠶᠢᠯᠠᠯ ᠤᠨ ᠴᠠᠭ ᠤᠨ ᠥᠪᠡᠷ ᠤᠨ ᠥᠷᠲᠡᠭ ᠢ ᠠᠷᠪᠢᠯᠠᠭᠰᠠᠨ ᠪᠠᠶᠢᠨ᠎ᠠ᠃    ᠠᠵᠤ ᠠᠬᠤᠶᠢᠯᠠᠯ ᠤᠨ ᠦᠶᠯᠡᠴᠢᠯᠡᠭᠡᠨ ᠤ ᠲᠤᠰᠬᠠᠶ ᠲᠣᠭᠤᠷᠢᠭ ᠤᠨ ᠢᠲᠡᠭᠡᠮᠵᠢ ᠶᠢ ᠰᠡᠷᠭᠦᠭᠡᠬᠦ ᠦᠶᠯᠡᠴᠢᠯᠡᠭᠡᠨ ᠤ ᠴᠣᠩᠬᠤᠨ ᠤ ᠪᠣᠳᠠᠲᠠᠶ ᠦᠶᠯᠡᠴᠢᠯᠡᠭᠡᠨ ᠤ ᠵᠦᠶᠯᠡᠰ ᠲᠤ ᠵᠠᠰᠠᠭ ᠵᠠᠬᠢᠷᠭᠠᠨ ᠤ  ᠰᠢᠢᠳᠭᠡᠯ ᠲᠣᠷᠭᠠᠭᠤᠯᠢ ᠶᠢᠨ ᠮᠡᠳᠡᠭᠡ ᠵᠠᠩᠭᠢ ᠶᠢ ᠰᠡᠷᠭᠦᠭᠡᠬᠦ᠂ ᠠᠵᠤ ᠠᠬᠤᠶᠢᠯᠠᠯ ᠤᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ ᠭᠠᠷᠭᠠᠬᠤ᠂ ᠬᠦᠨᠳᠦ ᠨᠣᠴᠢᠲᠠᠶ  ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ᠵᠡᠷᠭᠡ ᠪᠠᠭᠲᠠᠨ᠎ᠠ᠃ ᠠᠵᠤ ᠠᠬᠤᠶᠢᠯᠠᠯ ᠤᠳ ᠦᠶᠯᠡᠴᠢᠯᠡᠭᠡᠨ ᠤ ᠴᠣᠩᠬᠤ ᠪᠠᠷ ᠳᠡᠮᠵᠢᠨ ᠢᠲᠡᠭᠡᠮᠵᠢ ᠠᠯᠳᠠᠭᠰᠠᠨ ᠲᠡᠮᠳᠡᠭᠯᠡᠯ ᠲᠠᠢ ᠣᠯᠠᠨ ᠢᠲᠡᠭᠡᠮᠵᠢ ᠶᠢ ᠰᠡᠷᠭᠦᠭᠡᠬᠦ ᠭᠤᠶᠤᠴᠢᠯᠠᠯ ᠢ ᠨᠢᠭᠡ  ᠤᠳᠠᠭᠠᠨ ᠤ ᠴᠢᠨᠠᠷᠲᠠᠶ ᠪᠠᠷ ᠭᠤᠶᠤᠴᠢᠯᠠᠵᠤ᠂ ᠵᠠᠬ᠎ᠠ ᠳᠡᠯᠭᠡᠭᠦᠷ ᠤᠨ ᠢᠲᠡᠭᠡᠯ ᠢ ᠳᠠᠭᠢᠵᠤ ᠣᠯᠵᠤ ᠪᠣᠯᠤᠨ᠎ᠠ᠃ ᠠᠵᠢᠯᠲᠠᠳ ᠠᠵᠤ ᠠᠬᠤᠶᠢᠯᠠᠯ ᠤᠨ ᠢᠲᠡᠭᠡᠮᠵᠢ ᠶᠢᠨ ᠰᠡᠷᠭᠦᠭᠡᠯᠲᠡ ᠶᠢᠨ ᠶᠠᠪᠤᠴᠠ ᠳᠤ ᠲᠣᠬᠢᠶᠠᠯᠳᠤᠭᠰᠠᠨ ᠡᠯ᠎ᠡ ᠵᠦᠢᠯ ᠤᠨ ᠠᠰᠠᠭᠤᠳᠠᠯ ᠳᠤ ᠴᠢᠭᠯᠡᠭᠦᠯᠦᠨ ᠮᠠᠳᠠᠭ ᠲᠠᠢ ᠠᠰᠠᠭᠤᠳᠠᠯ ᠢ ᠰᠢᠶᠳᠪᠦᠷᠢᠯᠡᠵᠦ᠂ ᠨᠠᠷᠢᠯᠢᠬᠵᠢᠭᠤᠯᠤᠭᠰᠠᠨ ᠵᠢᠯᠣᠭᠤᠳᠬᠤ ᠦᠶᠯᠡᠴᠢᠯᠡᠭᠡ ᠪᠠ ᠬᠠᠪᠰᠤᠷᠤᠨ  ᠭᠦᠢᠴᠡᠳᠭᠡᠵᠦ ᠣᠷᠣᠯᠠᠨ ᠭᠦᠶᠴᠡᠳᠬᠡᠬᠦ ᠦᠶᠯᠡᠴᠢᠯᠡᠭᠡ ᠶᠢ ᠬᠠᠩᠭᠠᠬᠤ ᠶᠢᠨ ᠬᠠᠮᠲᠤ ᠂ ᠠᠵᠤ ᠠᠬᠤᠶᠢᠯᠠᠯ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠲᠡᠳᠡᠨ ᠳᠤ ᠢᠲᠡᠭᠡᠮᠵᠢ ᠶᠢ ᠵᠠᠰᠠᠨ ᠰᠡᠷᠭᠦᠭᠡᠬᠦ ᠲᠥᠰᠦᠯ ᠢ ᠠᠵᠦ ᠠᠬᠤᠶᠢᠯᠠᠯ ᠳᠤᠨᠢ ᠲᠣᠬᠢᠷᠠᠭᠤᠯᠤᠨ ᠲᠣᠭᠲᠠᠭᠠᠨ ᠥᠭᠴᠦ᠂ ᠢᠲᠡᠭᠡᠮᠵᠢ ᠶᠢ ᠵᠠᠰᠠᠨ ᠰᠡᠷᠭᠦᠭᠡᠬᠦ ᠬᠠᠷᠠᠯᠲᠠ᠂ ᠠᠷᠭ᠎ᠠ ᠬᠡᠮᠵᠢᠶ᠎ᠡ᠂ ᠴᠠᠭ ᠤᠨ ᠬᠦᠰᠦᠨᠦᠭᠲᠦ ᠪᠠ ᠬᠡᠷᠡᠭᠰᠡᠬᠦ ᠮᠠᠲ᠋ᠧᠷᠢᠶᠠᠯ ᠤᠨ ᠨᠠᠷᠢᠨ ᠬᠠᠭᠤᠳᠠᠰᠤ ᠶᠢ ᠲᠣᠳᠣᠷᠬᠠᠶᠢᠯᠠᠨ ᠥᠭᠴᠦ᠂ ᠢᠲᠡᠭᠡᠯ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢ ᠬᠠᠪᠰᠤᠷᠴᠤ ᠪᠠᠶᠢᠭᠠᠳ ᠬᠡᠪ ᠤᠨ ᠢᠲᠡᠭᠡᠮᠵᠢ ᠶᠢᠨ ᠪᠠᠶᠢᠳᠠᠯ ᠢ ᠨᠢ ᠲᠦᠷᠭᠡᠨ ᠰᠡᠷᠭᠦᠭᠡᠬᠦ ᠪᠤᠯᠥᠨ᠎ᠠ᠃ ᠠᠵᠤ ᠠᠬᠤᠶᠢᠯᠠᠯ ‍ᠤᠨ‌ᠢᠲᠡᠭᠡᠮᠵᠢ ᠶᠢ ᠰᠡᠷᠭᠦᠭᠡᠬᠦ  ᠦᠶᠯᠡᠴᠢᠯᠡᠭᠡᠨ ᠤ ᠴᠣᠩᠬᠤ ᠶᠢ ᠪᠠᠶᠢᠭᠤᠯᠤᠭᠰᠠᠨ ᠠᠴᠠ ᠨᠠᠰᠢ᠂ ᠨᠢᠭᠡᠨᠲᠡ 70 ᠭᠠᠷᠤᠶ ᠠᠵᠤ ᠠᠬᠤᠶᠢᠯᠠᠯ  ᠠᠰᠢᠭ ᠬᠦᠷᠳᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号