ᠪᠠᠷᠠᠭᠤᠨ ᠦᠵᠦᠮᠦᠴᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ︽ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ︾ ᠬᠤᠨᠳᠠᠭᠠᠳᠤ ᠫᠢᠩᠫᠠᠩ ᠪᠦᠮᠪᠦᠭᠡ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/9/2
    8 ᠰᠠᠷ᠎ᠠ ᠶᠢᠨ 31--- 9 ᠰᠠᠷ᠎ᠠ ᠶᠢᠨ 1᠎ ᠤ ᠡᠳᠦᠷ ᠪᠤᠯᠳᠠᠯ᠎ᠠ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠰᠤᠶᠤᠯ ᠲᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠲᠤᠪᠴᠢᠶ᠎ᠠ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠦᠪ ᠠᠴᠠ ᠬᠠᠮᠳᠤᠷᠠᠨ ᠡᠷᠬᠢᠯᠡᠭᠰᠡᠨ ᠬᠤᠶᠠᠳᠤᠭᠠᠷ ᠬᠤᠭᠤᠴᠠᠭᠠᠨ ᠤ ︽ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ︾ ᠬᠤᠨᠳᠠᠭᠠᠳᠤ ᠫᠢᠩᠫᠠᠩ ᠪᠦᠮᠪᠦᠭᠡ ᠶᠢᠨ ᠤᠷᠤᠯᠳᠤᠭᠠᠨ ᠶᠠᠪᠤᠭᠳᠠᠪᠠ᠃
    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠯᠢ ᠰᠢᠤᠸᠠᠢ ᠶᠢᠩ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠲᠡᠭᠡᠷᠡᠬᠢ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠳᠤ ᠪᠡᠶ᠎ᠡ ᠲᠠᠮᠢᠷ ᠤᠨ ᠦᠢᠯᠡᠰ ᠤᠨ ᠬᠦᠭᠵᠢᠯᠳᠡ ᠶᠢᠨ ᠲᠤᠬᠠᠢ ᠲᠤᠳᠤᠷᠬᠠᠢ ᠬᠠᠷᠠᠯᠳᠠ ᠴᠢᠭᠯᠡᠯ ᠢ ᠲᠤᠷᠠᠳᠪᠠ᠃ ᠪᠢᠳᠡ ᠵᠠᠪᠠᠯ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠪᠦᠬᠦ ᠠᠷᠠᠳ ᠤᠨ ᠪᠡᠶ᠎ᠡ ᠴᠢᠭᠢᠷᠠᠭᠵᠢᠯ ᠪᠠ ᠡᠷᠡᠭᠦᠯ ᠮᠡᠨᠳᠦ ᠶᠢ ᠠᠭᠤᠰᠤᠯᠴᠠᠭᠤᠯᠤᠨ ᠬᠦᠭᠵᠢᠬᠦᠯᠬᠦ ᠪᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠦᠢᠯᠡᠰ ᠢ ᠲᠠᠶᠢᠴᠢᠯᠠᠨ ᠬᠦᠭᠵᠢᠬᠦᠯᠬᠦ ᠠᠵᠢᠯ ᠢ ᠰᠠᠶᠢᠳᠤᠷ ᠬᠢᠵᠦ᠂ ᠠᠷᠠᠳ ᠲᠦᠮᠡᠨ ᠢᠶᠠᠷ ᠭᠤᠤᠯ ᠴᠤᠭᠴᠠ ᠪᠤᠯᠭᠠᠭᠰᠠᠨ ᠪᠡᠶ᠎ᠡ ᠲᠠᠮᠢᠷ ᠤᠨ ᠦᠢᠯᠡᠰ ᠤᠨ ᠬᠦᠭᠵᠢᠯᠳᠡ ᠶᠢᠨ ᠰᠠᠶᠢᠨ ᠰᠠᠶᠢᠬᠠᠨ ᠢᠷᠡᠭᠡᠳᠦᠢ ᠶᠢ ᠴᠤᠠᠠᠴᠠᠯᠠᠬᠤ ᠬᠡᠷᠡᠭᠳᠡᠢ ᠭᠡᠵᠡᠢ᠃
    ᠲᠤᠰ ᠤᠳᠠᠭᠠᠨ ᠤ ᠤᠷᠤᠯᠳᠤᠭᠠᠨ ᠳᠤ ᠪᠦᠬᠦ ᠬᠤᠰᠢᠭᠤᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 20 ᠲᠦᠯᠦᠭᠡᠯᠡᠭᠴᠢ ᠶᠢᠨ ᠪᠠᠭ ᠤᠨ 102 ᠨᠡᠷ᠎ᠡ ᠲᠠᠮᠢᠷᠴᠢᠨ ᠤᠷᠤᠯᠴᠠᠵᠦ᠂ ᠡᠷᠡᠭᠳᠡᠢ ᠶᠢᠨ ᠨᠢᠭᠡᠴᠡ ᠶᠢᠨ ᠲᠤᠭᠤᠶᠢᠯᠠᠩ᠂ ᠡᠮᠡᠭᠳᠡᠢ ᠶᠢᠨ ᠨᠢᠭᠡᠴᠡ ᠶᠢᠨ ᠲᠤᠭᠤᠶᠢᠯᠠᠩ᠂ ᠡᠷᠡᠭᠳᠡᠢ ᠶᠢᠨ ᠭᠠᠭᠴᠠ ᠪᠠᠷ ᠴᠤᠬᠢᠬᠤ᠂ ᠡᠮᠡᠭᠳᠡᠢ ᠶᠢᠨ ᠭᠠᠭᠴᠠ ᠪᠠᠷ ᠴᠤᠬᠢᠬᠤ ᠪᠠ ᠬᠤᠤᠰ ᠢᠶᠠᠷ ᠴᠤᠬᠢᠬᠤ ᠤᠷᠤᠯᠳᠤᠭᠠᠨ ᠤ ᠲᠦᠷᠦᠯ ᠳᠤ ᠮᠦᠷᠦᠶᠢᠴᠡᠪᠡ᠃
   ᠪᠠᠷᠠᠭᠤᠨ ᠦᠵᠦᠮᠦᠴᠢᠨ ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ  ᠲᠣᠪᠴᠢᠶᠠᠨ ᠤ  ᠺᠠᠳ᠋ᠷ  ᠪᠠᠢ ᠯᠦ ---    ᠡᠨᠡ ᠤᠳᠠᠭᠠᠨ ᠤ ᠤᠷᠤᠯᠳᠤᠭᠠᠨ ᠨᠢ ᠮᠠᠨ ᠤ ᠺᠠᠳᠠᠷ ᠠᠵᠢᠯᠳᠠᠨ ᠤ ᠪᠡᠶ᠎ᠡ ᠴᠢᠭᠢᠷᠠᠭᠵᠢᠭᠤᠯᠬᠤ ᠢᠳᠡᠪᠬᠢᠵᠢᠯ ᠢ ᠲᠠᠶᠢᠴᠢᠯᠠᠵᠦ᠂ ᠪᠡᠶ᠎ᠡ ᠰᠡᠳᠬᠢᠯ ᠤᠨ ᠡᠷᠡᠭᠦᠯ ᠬᠦᠭᠵᠢᠯᠳᠡ ᠳᠤ ᠢᠳᠡᠪᠬᠢ ᠦᠢᠯᠡᠳᠦᠯ ᠦᠵᠡᠭᠦᠯᠦᠭᠰᠡᠨ ᠤ ᠬᠠᠮᠳᠤ᠂ ᠠᠵᠢᠯ ᠤᠨ ᠴᠢᠯᠦᠭᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ ᠦᠭᠴᠡᠢ᠃ ᠮᠠᠨ ᠤ ᠪᠠᠶᠢᠭᠤᠯᠭ᠎ᠠ ᠨᠢ ᠪᠠᠰᠠ ᠨᠢᠭᠡᠴᠡ ᠶᠢᠨ ᠤᠷᠤᠯᠳᠤᠭᠠᠨ ᠤ ᠬᠤᠶᠠᠳᠤᠭᠠᠷ ᠨᠡᠷ᠎ᠡ ᠳᠤ ᠤᠷᠤᠵᠤ ᠤᠯᠠᠨ ᠢᠶᠠᠷ ᠢᠶᠠᠨ ᠮᠠᠰᠢ ᠪᠠᠶᠠᠷᠳᠠᠢ ᠪᠠᠶᠢᠨ᠎ᠠ᠃
     ᠲᠤᠰ ᠤᠳᠠᠭᠠᠨ ᠤ ᠫᠢᠩᠫᠠᠩ ᠪᠦᠮᠪᠦᠭᠡ ᠶᠢᠨ ᠤᠷᠤᠯᠳᠤᠭᠠᠨ ᠳᠤ ᠤᠯᠠᠨ ᠢᠶᠠᠷ ᠢᠶᠠᠨ ᠤᠷ᠎ᠠ ᠮᠡᠷᠭᠡᠵᠢᠯ ᠢᠶᠠᠨ ᠭᠠᠷᠭᠠᠨ ᠰᠢᠷᠦᠬᠦᠨ ᠢᠶᠠᠷ ᠦᠷᠢᠰᠦᠯᠳᠦᠵᠦ᠂ ᠤᠷᠤᠯᠳᠤᠭᠠᠨ ᠤ ᠳ᠋ᠦᠩ ᠳᠤ᠂ ᠡᠷᠡᠭᠳᠡᠢ ᠶᠢᠨ ᠨᠢᠭᠡᠴᠡ ᠶᠢᠨ ᠲᠤᠭᠤᠶᠢᠯᠠᠩ ᠳᠤ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠲᠡᠷᠢᠭᠦᠯᠡᠵᠦ᠂ ᠬᠤᠰᠢᠭᠤᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠬᠤᠶᠠᠳᠤᠭᠠᠷ ᠲᠤ ᠤᠷᠤᠵᠤ᠂ ᠡᠮᠡᠭᠳᠡᠢ ᠶᠢᠨ ᠨᠢᠭᠡᠴᠡ ᠶᠢᠨ ᠲᠤᠭᠤᠶᠢᠯᠠᠩ ᠳᠤ ᠪᠠᠶᠠᠠᠬᠤᠸᠠ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠲᠡᠷᠢᠭᠦᠯᠡᠵᠦ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠬᠤᠶᠠᠳᠤᠭᠠᠷ ᠲᠤ ᠤᠷᠤᠪᠠ᠃ ᠡᠷᠡᠭᠳᠡᠢ ᠶᠢᠨ ᠭᠠᠭᠴᠠ ᠪᠠᠷ ᠴᠤᠬᠢᠬᠤ ᠤᠷᠤᠯᠳᠤᠭᠠᠨ ᠳᠤ ᠦᠨᠡᠨᠴᠢ ᠲᠡᠷᠢᠭᠦᠯᠡᠨ᠂ ᠪᠠᠢ ᠯᠦ ᠲᠡᠳ᠋ᠯᠡᠵᠦ᠂ ᠡᠮᠡᠭᠳᠡᠢ ᠶᠢᠨ ᠭᠠᠭᠴᠠ ᠪᠠᠷ ᠴᠤᠬᠢᠬᠤ ᠤᠷᠤᠯᠳᠤᠭᠠᠨ ᠳᠤ᠂ ᠯᠢᠦ ᠶᠢᠩ ᠲᠡᠷᠢᠭᠦᠯᠡᠨ᠂ ᠽᠤᠤ ᠯᠢᠶᠠᠨ ᠹᠧᠨ ᠲᠡᠳ᠋ᠯᠡᠵᠦ᠂ ᠬᠤᠤᠰ ᠢᠶᠠᠷ ᠴᠤᠬᠢᠬᠤ ᠤᠷᠤᠯᠳᠤᠭᠠᠨ ᠤ ᠲᠦᠷᠦᠯ ᠳᠤ ᠪᠠᠢ ᠯᠦ᠂ ᠲᠠᠨ᠎ᠠ ᠲᠡᠷᠢᠭᠦᠯᠡᠵᠦ᠂ ᠶᠠᠩ ᠳ᠋ᠦᠩ ᠹᠧᠩ᠂ ᠯᠢᠦ ᠶᠢᠩ ᠬᠤᠶᠠᠳᠤᠭᠠᠷ ᠲᠤ ᠤᠷᠤᠪᠠ᠃    ᠪᠠᠭᠠᠴᠤᠳ ᠤᠨ ᠲᠤᠭᠤᠶᠢᠯᠠᠩ ᠳᠤ 29 ᠨᠡᠷ᠎ᠡ ᠪᠠᠭ᠎ᠠ ᠰᠤᠷᠭᠠᠭᠤᠯᠢ ᠶᠢᠨ ᠰᠤᠷᠤᠭᠴᠢ ᠤᠷᠤᠯᠴᠠᠵᠦ᠂ ᠬᠦᠬᠡ ᠲᠤᠭᠤᠶᠢᠯᠠᠩ ᠳᠤ ᠯᠦᠸᠧ ᠰᠢᠨ ᠲᠡᠷᠢᠭᠦᠯᠡᠵᠦ᠂ ᠬᠦᠬᠡᠭᠴᠢᠨ ᠲᠤᠭᠤᠶᠢᠯᠠᠩ ᠳᠤ ᠠᠮᠤᠷ ᠲᠡᠷᠢᠭᠦᠯᠡᠭᠰᠡᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号